ᠪᠤᠭᠤᠲᠤ ᠬᠤᠲᠠ ᠶᠢᠨ ᠪᠠᠳᠺᠠᠷ ᠵᠤᠤ ᠶᠢᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠵᠢᠷᠭᠤᠳᠤᠭᠠᠷ ᠤᠳᠠᠭᠠᠨ ᠤ ᠭᠤᠣᠯ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ᠬᠤᠷᠠᠯ
ᠨᠡᠶᠢᠲᠡᠯᠡᠭᠰᠡᠨ ᠴᠠᠭ᠄
2022/4/25
       4 ᠰᠠᠷ᠎ᠠ ᠶᠢᠨ 13 ᠤ ᠡᠳᠦᠷ᠂ ᠪᠤᠭᠤᠲᠤ ᠬᠤᠲᠠ ᠶᠢᠨ ᠪᠠᠳᠺᠠᠷ ᠵᠤᠤ ᠶᠢᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠵᠢᠶᠦ᠋ᠨ ᠵᠢᠷᠭᠤᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠣᠨᠣᠯ ᠤᠨ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠮᠢᠶᠠᠷᠤᠯᠲᠠ ᠶᠢᠨ ᠵᠥᠪᠯᠡᠯ ᠤᠨ ᠪᠥᠬᠦ ᠠᠵᠢᠯᠲᠠᠳ ᠲᠣᠰ ᠤᠳᠠᠭᠠᠨ ᠤ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠵᠠᠩ ᠵᠢᠶᠦ᠋ᠨ ᠰᠤᠷᠤᠯᠴᠠᠯᠭ᠎ᠠ ᠶᠢ ᠤᠯᠠᠮᠵᠢᠯᠠᠪᠠ︾ᠭᠡᠵᠦ ᠬᠡᠯᠡᠪᠡ᠃ ᠰᠢ ᠶᠢᠨ ᠫᠢᠩ ᠶᠡᠷᠦᠩᠬᠡᠢ ᠱᠦᠵᠢ ᠨᠠᠮ ᠤᠨ ᠲᠡᠦᠬᠡ ᠶᠢᠨ ᠲᠤᠬᠠᠢ ᠴᠢᠬᠤᠯᠠ ᠥᠭᠦᠯᠡᠯᠲᠡ︾᠂︽ᠰᠢᠭᠤᠶᠢᠲᠤ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ 2022 ᠣᠨ ᠤ ᠨᠢᠭᠡᠳᠦᠭᠡᠷ ᠤᠯᠠᠷᠢᠯ ᠤᠨ ᠪᠦᠬᠦ ᠣᠷᠣᠨ ᠤ ᠣᠶᠤᠨᠴᠢ ᠬᠢᠨᠠᠯᠲᠠ ᠲᠠᠯᠪᠢᠬᠤ ᠠᠵᠢᠯ ᠤᠨ ᠪᠠᠶᠢᠳᠠᠯ ᠤᠨ ᠲᠤᠬᠠᠢ ᠮᠡᠳᠡᠭᠳᠡᠯ︾ ᠢ ᠤᠯᠠᠮᠵᠢᠯᠠᠵᠤ᠂ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾ ᠶᠢᠨ ᠨᠢᠭᠡᠳᠦᠭᠡᠷ ᠪᠦᠯᠦᠭ ᠢ ᠤᠯᠠᠮᠵᠢᠯᠠᠨ ᠰᠤᠷᠤᠯᠴᠠᠵᠤ᠂ ︽ᠪᠦᠬᠦ ᠬᠤᠳᠠ ᠶᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠲᠦᠪᠰᠢᠨ ᠢ ᠳᠡᠭᠡᠭᠰᠢᠯᠡᠭᠦᠯᠬᠦ ᠵᠢᠴᠢ ᠬᠤᠳᠠ ᠶᠢᠨ ᠦᠵᠡᠮᠵᠢ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ︿ᠵᠠᠭᠤᠨ ᠡᠳᠦᠷ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ﹀ ᠤ ᠠᠵᠢᠯᠯᠠᠭ᠎ᠠ ᠶᠢᠨ ᠳᠠᠶᠢᠴᠢᠯᠠᠯᠲᠠ ᠶᠢᠨ ᠶᠡᠭᠡ ᠬᠤᠷᠠᠯ︾  ᠢ ᠤᠯᠠᠮᠵᠢᠯᠠᠪᠠ᠃ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠵᠢᠶᠦ᠋ᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠨᠢᠭᠡ ᠳᠤ ︽ᠭᠤᠷᠪᠠᠨ ᠶᠠᠪᠤᠳᠠᠯ   ᠢ ᠢᠯᠡ ᠪᠣᠯᠭᠠᠬᠤ︾ ᠠᠵᠢᠯ   ᠢ ᠪᠣᠳᠠᠲᠠᠶᠢᠵᠢᠭᠤᠯᠵᠤ᠂ ᠨᠠᠷᠢᠯᠢᠭᠵᠢᠭᠤᠯᠵᠤ᠂ ᠪᠣᠳᠠᠲᠠᠶᠢᠵᠢᠭᠤᠯᠵᠤ᠂ ᠤᠯᠤᠰ ᠲᠥᠷᠥ   ᠶᠢᠨ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ   ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ   ᠢ ᠰᠠᠶᠢᠲᠤᠷ ᠠᠳᠬᠤᠬᠤ ᠬᠡᠷᠡᠭᠲᠡᠢ᠃ᠬᠤᠶᠠᠷ ᠲᠤ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠬᠢᠨ ᠬᠤᠳᠠ ᠪᠠᠶᠢᠭᠤᠯᠬᠤ ᠪᠣᠭᠤᠮᠲᠠ ᠰᠢᠪᠲᠤᠯᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠮᠢᠶᠠᠷᠤᠯᠲᠠ ᠶᠢᠨ ᠵᠥᠪᠯᠡᠯ ᠤᠨ ᠳᠡᠭᠡᠳᠦ ᠳᠣᠣᠷᠠᠳᠤ ᠱᠠᠲᠤ ᠪᠠᠷ ᠢᠶᠠᠨ ᠦᠳᠲᠡᠷ ᠲᠦᠷᠭᠡᠨ ᠬᠥᠳᠡᠯᠦᠯᠴᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠳᠠ ᠪᠠᠶᠢᠭᠤᠯᠬᠤ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠰᠠᠶᠢᠲᠤᠷ ᠬᠢᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠪᠠᠶᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃     ᠬᠤᠷᠠᠯ ᠳᠡᠭᠡᠷ᠎ᠡ ᠪᠠᠰᠠ︽ᠰᠢᠭᠤᠶᠢᠲᠤ  ᠲᠣᠭᠤᠷᠢᠭ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾  ᠤᠨ ᠮᠡᠳᠡᠭᠳᠡᠯ ᠢ ᠤᠯᠠᠮᠵᠢᠯᠠᠵᠤ᠂︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠲᠡᠦᠬᠡ ᠶᠢᠨ ᠨᠢᠭᠡᠳᠦᠭᠡᠷ ᠪᠣᠳᠢ︾ ᠶᠢᠨ ᠨᠢᠭᠡᠳᠦᠭᠡᠷ ᠪᠦᠯᠦᠭ ᠢ ᠤᠯᠠᠮᠵᠢᠯᠠᠵᠤ᠂  ᠨᠤᠶᠠᠨ ᠤ ᠬᠡᠯᠪᠡᠷᠢᠴᠢ ᠦᠵᠡᠯ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ ᠲᠤᠬᠠᠢ ᠴᠢᠬᠤᠯᠠ ᠥᠭᠦᠯᠡᠯᠲᠡ ᠶᠢᠨ ᠰᠣᠩᠭᠤᠮᠠᠯ︾  ᠢ ᠤᠯᠠᠮᠵᠢᠯᠠᠵᠠᠢ᠃ ᠬᠤᠷᠠᠯ ᠠᠴᠠ᠂ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢ ᠴᠢᠩᠭᠠᠳᠬᠠᠵᠤ᠂ ᠪᠦᠬᠦ ᠲᠠᠯ᠎ᠠ ᠪᠠᠷ᠂ ᠪᠦᠬᠦ ᠬᠦᠷᠢᠶ᠎ᠡ᠂ ᠪᠦᠬᠦ ᠶᠠᠪᠤᠴᠠ ᠪᠠᠷ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠨᠠᠷᠢᠨ ᠠᠳᠬᠤᠵᠤ᠂ ᠦᠢᠯᠡᠳᠦᠯᠭᠡ ᠶᠢᠨ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠪᠠᠷ ᠡᠯ᠎ᠡ ᠵᠦᠢᠯ ᠤᠨ ᠠᠵᠢᠯ ᠤᠨ ᠪᠦᠬᠦ ᠵᠢᠯ ᠤᠨ ᠬᠠᠮᠤᠭ ᠤᠨ ᠰᠠᠶᠢᠨ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

 
ᠢᠷᠡᠯᠲᠡ᠄ ᠪᠠᠳᠺᠠᠷ ᠵᠤᠤ ᠶᠢᠨ ᠦᠵᠡᠮᠵᠢ ᠶᠢᠨ ᠣᠷᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号