ᠱᠢ ᠭᠤᠸᠠᠢ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 2022 ᠣᠨ ᠤ ᠬᠥᠮᠥᠨ ᠠᠮᠠ ᠶᠢᠨ ᠦᠬᠦᠯ ᠤᠨ ᠮᠡᠳᠡᠭᠡ ᠵᠠᠩᠭᠢ ᠶᠢ ᠳᠠᠩᠰᠠᠯᠠᠬᠤ ᠠᠵᠢᠯ ᠤᠨ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2022/4/25
      ᠱᠢ ᠭᠤᠸᠠᠢ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 2022 ᠣᠨ ᠤ ᠬᠥᠮᠥᠨ ᠠᠮᠠ ᠶᠢᠨ ᠦᠬᠦᠯ ᠤᠨ ᠮᠡᠳᠡᠭᠡ ᠵᠠᠩᠭᠢ ᠶᠢ ᠳᠠᠩᠰᠠᠯᠠᠬᠤ ᠠᠵᠢᠯ ᠤᠨ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ᠃

     ᠲᠣᠰ ᠤᠳᠠᠭᠠᠨ ᠤ ᠪᠣᠯᠪᠠᠰᠤᠷᠠᠭᠤᠯᠤᠯ ᠤᠨ ᠭᠤᠣᠯ ᠠᠭᠤᠯᠭ᠎ᠠ ᠳᠤ᠄ 2021 ᠣᠨ ᠤ ᠱᠢ ᠭᠤᠸᠠᠢ

ᠲᠣᠭᠤᠷᠢᠭ ᠤᠨ ᠦᠬᠦᠭᠰᠡᠨ ᠰᠢᠯᠲᠠᠭᠠᠨ ᠢ ᠬᠢᠨᠠᠨ ᠬᠡᠮᠵᠢᠬᠦ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ︔ᠦᠬᠦᠭᠰᠡᠨ

ᠭᠡᠷᠡᠴᠢ ᠳᠤ ᠠᠩᠬᠠᠷᠬᠤ ᠵᠦᠢᠯ ᠵᠢᠴᠢ ᠲᠠᠭᠯᠠᠨ ᠪᠢᠴᠢᠬᠦ ᠪᠣᠳᠠᠲᠠᠢ ᠱᠠᠭᠠᠷᠳᠠᠯᠭ᠎ᠠ︔ᠦᠬᠦᠭᠰᠡᠨ ᠰᠢᠯᠲᠠᠭᠠᠨ ᠤ

ᠰᠢᠰᠲ᠋ᠧᠮ ᠤᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ

ᠶᠠᠷᠢᠯᠴᠠᠨ᠎ᠠ᠃ᠡᠭᠦᠨ ᠤ ᠬᠠᠮᠲᠤ ᠮᠠᠨ ᠤ ᠣᠷᠣᠨ ᠤ ᠦᠬᠦᠭᠰᠡᠨ ᠰᠢᠯᠲᠠᠭᠠᠨ   ᠢ ᠬᠢᠨᠠᠨ ᠬᠡᠮᠵᠢᠬᠦ ᠠᠵᠢᠯ ᠤᠨ ᠪᠠᠶᠢᠳᠠᠯ  

 ᠢ ᠬᠠᠷᠢᠭᠤ ᠮᠡᠳᠡᠭᠦᠯᠵᠦ᠂ ᠦᠬᠦᠭᠰᠡᠨ ᠰᠢᠯᠲᠠᠭᠠᠨ   ᠢ ᠬᠢᠨᠠᠨ ᠬᠡᠮᠵᠢᠬᠦ ᠠᠵᠢᠯ   ᠢ ᠥᠷᠨᠢᠭᠦᠯᠬᠦ   ᠶᠢᠨ ᠴᠢᠬᠤᠯᠠ ᠴᠢᠨᠠᠷ

  ᠢ ᠲᠣᠳᠣᠷᠬᠠᠶᠢᠯᠠᠨ ᠥᠭᠦᠯᠡᠵᠦ᠂ ᠬᠤᠷᠠᠯ ᠤᠨ ᠳᠠᠷᠠᠭ᠎ᠠ ᠰᠢᠯᠭᠠᠯᠲᠠ ᠬᠢᠵᠡᠢ᠃ᠦᠨᠳᠦᠰᠦᠨ ᠱᠠᠲᠤᠨ ᠤ ᠡᠮᠨᠡᠯᠭᠡ ᠶᠢᠨ

ᠠᠵᠢᠯᠲᠠᠨ ᠨᠡᠶᠢᠲᠡ 6 ᠬᠥᠮᠥᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠡᠢ᠃

     ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ

ᠬᠠᠮᠠᠭᠠᠯᠠᠯ ᠤᠨ ᠠᠵᠢᠯᠲᠠᠨ ᠤ ᠦᠬᠦᠭᠰᠡᠨ ᠰᠢᠯᠲᠠᠭᠠᠨ ᠢ ᠬᠢᠨᠠᠨ ᠬᠡᠮᠵᠢᠬᠦ ᠠᠵᠢᠯ ᠳᠤ ᠨᠠᠩ ᠭᠦᠨᠵᠡᠭᠡᠢ᠂ ᠰᠢᠰᠲ᠋ᠧᠮ ᠲᠠᠢ

ᠲᠠᠨᠢᠯᠲᠠ ᠲᠠᠢ ᠪᠣᠯᠵᠤ᠂ ᠮᠠᠨ ᠤ ᠣᠷᠣᠨ ᠤ ᠦᠬᠦᠭᠰᠡᠨ ᠰᠢᠯᠲᠠᠭᠠᠨ ᠢ ᠬᠢᠨᠠᠨ ᠬᠡᠮᠵᠢᠬᠦ ᠠᠵᠢᠯ ᠢ ᠤᠯᠠᠮ ᠨᠢᠭᠡ

ᠠᠯᠬᠤᠮ ᠴᠢᠩᠭᠠᠳᠬᠠᠨ ᠵᠢᠷᠤᠮᠵᠢᠭᠤᠯᠬᠤ ᠳᠤ ᠰᠠᠭᠤᠷᠢ ᠲᠠᠯᠪᠢᠪᠠ᠃

 
ᠢᠷᠡᠯᠲᠡ᠄ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号