ᠰᠢᠭᠤᠶᠢᠲᠤ ᠵᠡᠭᠡᠯᠢ ᠭᠤᠳᠤᠮᠵᠢ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/25
         ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠭᠦᠨᠵᠡᠭᠡᠢ ᠤᠬᠠᠭᠤᠯᠤᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠡᠶ᠎ᠡ ᠵᠣᠬᠢᠴᠠᠯ ᠲᠠᠢ ᠪᠦᠯᠬᠦᠮᠳᠡᠯ ᠲᠠᠢ ᠦᠨᠳᠦᠰᠦᠲᠡᠨ ᠤ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 5 ᠰᠠᠷ᠎ᠠ ᠶᠢᠨ 12 ᠤᠨ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠷᠢᠶ᠎ᠠ ᠯᠣᠽᠦ᠋ᠩ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠠᠷᠢᠯᠴᠠᠨ ᠠᠰᠠᠭᠤᠨ ᠯᠠᠪᠯᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯᠯᠠᠵᠠᠢ᠃ᠰᠠᠭᠤᠭᠠᠯᠢ ᠠᠷᠠᠳ ᠤᠨ ᠠᠰᠠᠭᠤᠨ ᠯᠠᠪᠯᠠᠯᠲᠠ ᠶᠢᠨ ᠡᠮᠦᠨ᠎ᠡ᠂ ᠠᠵᠢᠯᠲᠠᠳ ᠬᠠᠯᠠᠭᠤᠮᠰᠤᠭ ᠢᠶᠠᠷ ᠰᠠᠭᠤᠭᠠᠯᠢ ᠠᠷᠠᠳ ᠤᠨ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ ᠵᠡᠭᠡᠯᠢ ᠭᠤᠳᠤᠮᠵᠢ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠶᠢᠯᠠᠭᠠᠮᠵᠢᠲᠠᠢ ᠦᠭᠡ ᠬᠡᠯᠡ ᠪᠠᠷ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠬᠤ ᠶᠢᠨ ᠬᠠᠮᠲᠤ ᠰᠠᠭᠤᠭᠠᠯᠢ ᠠᠷᠠᠳ ᠲᠤ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃       ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠠᠵᠢᠯᠲᠠᠳ ᠰᠠᠭᠤᠭᠠᠯᠢ ᠠᠷᠠᠳ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠭᠤᠣᠯᠳᠠᠯᠭ᠎ᠠ ᠲᠠᠢ ᠲᠠᠶᠢᠯᠪᠤᠷᠢᠯᠠᠨ ᠥᠭᠴᠦ᠂ ᠡᠭᠦᠨ ᠤ ᠬᠠᠮᠲᠤ ᠰᠠᠭᠤᠭᠠᠯᠢ ᠠᠷᠠᠳ ᠲᠤ ᠦᠨᠳᠦᠰᠦᠲᠡᠨ ᠤ ᠲᠦᠷᠦ ᠶᠢᠨ ᠪᠣᠳᠣᠯᠭ᠎ᠠ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠮᠡᠳᠡᠯᠭᠡ ᠶᠢ ᠤᠬᠠᠭᠤᠯᠵᠤ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠲᠦᠭ ᠲᠦᠮᠡᠨ ᠠᠶᠢᠯ ᠡᠷᠤᠭᠡ ᠳᠤ ᠳᠠᠮᠵᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠨᠠᠮ ᠤᠨ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠢ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠢ ᠦᠢᠯᠡᠳᠦᠯᠭᠡᠵᠢᠭᠦᠯᠬᠦ ᠤᠬᠠᠭᠤᠯᠤᠭᠴᠢ᠂ ᠠᠬᠢᠭᠤᠯᠤᠭᠴᠢ ᠪᠣᠯᠭᠠᠬᠤ ᠬᠡᠷᠡᠭᠲᠡᠢ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号