ᠰᠢᠭᠤᠶᠢᠲᠤ ᠭᠤᠳᠤᠮᠵᠢ ᠶᠢᠨ ᠬᠢᠨ ᠤᠯᠠᠨ ᠰᠠᠯᠠᠭ᠎ᠠ ᠮᠥᠴᠢᠷ ᠲᠠᠢ ᠬᠠᠮᠲᠤᠷᠠᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/25
        5 ᠰᠠᠷ᠎ᠠ ᠶᠢᠨ 12  ᠤᠨ ᠡᠳᠦᠷ ᠪᠣᠯ ᠤᠯᠠᠨ ᠤᠯᠤᠰ ᠤᠨ ᠰᠤᠪᠢᠯᠠᠭᠴᠢ ᠶᠢᠨ ᠪᠠᠶᠠᠷ᠂ ᠮᠥᠨᠴᠦ ᠮᠠᠨ ᠤ ᠤᠯᠤᠰ ᠤᠨ 14 ᠳ᠋ᠦᠭᠡᠷ︽ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ᠪᠣᠯᠣᠨ᠎ᠠ᠂ ᠰᠢᠭᠤᠶᠢᠲᠤ ᠵᠡᠭᠡᠯᠢ ᠭᠤᠳᠤᠮᠵᠢ ᠥᠪᠥᠷ ᠮᠣᠩᠭᠤᠯ ᠤᠨ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠡᠮᠨᠡᠯᠭᠡ ᠶᠢᠨ ᠬᠤᠷᠢᠶ᠎ᠠ ᠶᠢᠨ ᠨᠠᠰᠤᠲᠠᠶᠢᠴᠤᠳ ᠤᠨ ᠡᠪᠡᠳᠴᠢᠨ ᠤ ᠰᠠᠯᠠᠭ᠎ᠠ᠂ ᠲᠣᠭᠤᠷᠢᠯ ᠵᠠᠮ ᠤᠨ ᠪᠠᠷᠠᠭᠤᠨ ᠵᠠᠮ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠷᠳᠡᠭᠡ᠂ ᠤᠳᠠᠩᠵᠤᠤ ᠡᠷᠡᠭᠦᠯ ᠬᠠᠮᠠᠭᠠᠯᠠᠯ ᠤᠨ ᠬᠤᠷᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠤᠯᠠᠨ ᠰᠠᠯᠠᠭ᠎ᠠ ᠮᠥᠴᠢᠷ ᠲᠠᠢ ᠬᠠᠮᠲᠤᠷᠠᠨ ᠦᠨᠳᠦᠰᠦᠨ ᠱᠠᠲᠤᠨ ᠤ ᠠᠯᠪᠠᠨ ᠵᠢᠷᠤᠮ ᠤᠨ ᠡᠮᠴᠢᠯᠡᠭᠡ᠂ ᠭᠠᠯ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ᠂ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠤᠬᠠᠭᠤᠯᠭ᠎ᠠ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠳᠤ ᠲᠥᠪᠯᠡᠷᠡᠭᠦᠯᠦᠨ ᠤᠬᠠᠭᠤᠯᠬᠤ᠂ ᠮᠡᠬᠡᠯᠡᠬᠦ ᠶᠢ ᠰᠡᠷᠭᠡᠶᠢᠯᠡᠬᠦ ᠵᠡᠷᠭᠡ ᠠᠵᠢᠯᠯᠠᠭ᠎ᠠ ᠥᠷᠨᠢᠭᠦᠯᠦᠨ᠎ᠡ᠃

       ᠠᠭᠠᠷ ᠠᠶᠠᠯᠠᠯ ᠤᠨ ᠰᠢᠨᠵᠢᠯᠡᠬᠦ ᠤᠬᠠᠭᠠᠨ ᠤ ᠡᠮᠨᠡᠯᠭᠡ ᠶᠢᠨ ᠰᠠᠯᠠᠭᠠᠨ ᠤ ᠥᠪᠥᠷ ᠮᠣᠩᠭᠤᠯ ᠤᠨ

ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠡᠮᠨᠡᠯᠭᠡ ᠶᠢᠨ ᠬᠤᠷᠢᠶᠠᠨ ᠤ ᠨᠠᠰᠤᠲᠠᠶᠢᠴᠤᠳ ᠤᠨ ᠡᠪᠡᠳᠴᠢᠨ ᠤ

ᠰᠠᠯᠠᠭᠠᠨ ᠤ ᠲᠤᠰᠬᠠᠢ ᠮᠡᠷᠭᠡᠵᠢᠯᠲᠡᠨ ᠤ ᠦᠨᠳᠦᠰᠦᠨ ᠱᠠᠲᠤᠨ ᠤ ᠠᠯᠪᠠᠨ ᠵᠢᠷᠤᠮ ᠤᠨ ᠡᠮᠴᠢᠯᠡᠭᠡ ᠬᠢᠬᠦ ᠠᠵᠢᠯᠯᠠᠭ᠎ᠠ

ᠪᠣᠯ ᠰᠢᠭᠤᠶᠢᠲᠤ ᠵᠡᠭᠡᠯᠢ ᠭᠤᠳᠤᠮᠵᠢ ᠶᠢᠨ ᠥᠪᠥᠷ ᠮᠣᠩᠭᠤᠯ ᠤᠨ ᠪᠤᠭᠤᠲᠤ ᠶᠢᠨ ᠬᠠᠷᠢᠶᠠᠲᠤ ᠣᠷᠣᠨ ᠤ

ᠨᠠᠰᠤᠲᠠᠶᠢᠴᠤᠳ ᠲᠤ ᠴᠢᠭᠯᠡᠭᠦᠯᠦᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠡᠷᠡᠭᠦᠯ ᠮᠡᠨᠳᠦ ᠶᠢᠨ ᠮᠡᠳᠡᠯᠭᠡ ᠶᠢᠨ

ᠲᠠᠶᠢᠯᠤᠮᠵᠢ ᠬᠢᠵᠦ᠂ ᠲᠤᠬᠠᠢ ᠶᠢᠨ ᠲᠠᠯᠠᠪᠤᠷ ᠲᠤᠨᠢ ᠴᠢᠰᠤᠨ ᠳᠠᠷᠤᠯᠲᠠ᠂ ᠴᠢᠰᠤᠨ ᠰᠢᠬᠢᠷ᠂ ᠵᠢᠷᠦᠬᠡᠨ ᠤ

ᠯᠤᠭᠰᠢᠯᠲᠠ ᠶᠢᠨ ᠵᠢᠷᠤᠭ ᠵᠢᠴᠢ ᠨᠠᠰᠤᠲᠠᠶᠢᠴᠤᠳ ᠲᠠᠢ ᠨᠢᠭᠡ ᠨᠢᠭᠡ ᠪᠠᠷ ᠨᠡᠪᠲᠡᠷᠡᠯᠴᠡᠵᠦ᠂ ᠬᠠᠷᠢᠶᠠᠲᠤ ᠣᠷᠣᠨ ᠤ

ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠠᠶᠢᠳᠠᠯ ᠢ ᠣᠶᠢᠯᠠᠭᠠᠬᠤ ᠬᠡᠷᠡᠭᠲᠡᠢ᠃ᠴᠢᠰᠤᠨ ᠳᠠᠷᠤᠯᠲᠠ ᠥᠨᠳᠥᠷ᠂

ᠠᠮᠢᠰᠬᠤᠯ ᠬᠠᠷᠰᠢᠯᠠᠭᠳᠠᠭᠰᠠᠨ ᠰᠠᠭᠤᠭᠠᠯᠢ ᠠᠷᠠᠳ ᠲᠤ ᠰᠢᠨᠵᠢᠯᠡᠬᠦ ᠤᠬᠠᠭᠠᠨᠴᠢ ᠢᠳᠡᠭᠡᠨ ᠤᠮᠳᠠᠭᠠᠨ ᠤ ᠰᠠᠨᠠᠭᠤᠯᠭ᠎ᠠ

ᠳᠤᠷᠠᠳᠴᠤ᠂ ᠲᠡᠳᠡᠨ ᠳᠤ ᠡᠷᠡᠭᠦᠯ ᠪᠤᠰᠤ ᠠᠮᠢᠳᠤᠷᠠᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠢᠯᠡᠭᠦᠬᠡᠨ

ᠪᠣᠯᠪᠠᠰᠤᠷᠠᠨ᠂ ᠲᠣᠯᠣᠭᠠᠢ ᠡᠷᠭᠢᠬᠦ᠂ ᠲᠣᠯᠣᠭᠠᠢ ᠡᠪᠡᠳᠬᠦ ᠵᠡᠷᠭᠡ ᠠᠰᠠᠭᠤᠳᠠᠯ ᠢ ᠣᠯᠵᠤ ᠮᠡᠳᠡᠪᠡᠯ ᠡᠷᠲᠡᠬᠡᠨ

ᠡᠮᠨᠡᠯᠭᠡ ᠳᠤ ᠬᠦᠷᠴᠦ ᠪᠠᠶᠢᠴᠠᠭᠠᠨ ᠡᠮᠨᠡᠭᠦᠯᠵᠦ᠂ ᠠᠳᠠᠯᠢ ᠪᠤᠰᠤ ᠡᠪᠡᠳᠴᠢᠨ ᠤ ᠪᠠᠶᠢᠳᠠᠯ ᠳᠤ ᠵᠦᠢ ᠵᠣᠬᠢᠰᠲᠠᠢ ᠠᠶᠤᠯ

ᠦᠭᠡᠢ ᠪᠠᠷ ᠡᠮ ᠬᠡᠷᠡᠭᠯᠡᠬᠦ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃

       ᠲᠣᠰ ᠤᠳᠠᠭᠠᠨ ᠤ ︽ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠨᠢ

︽ᠭᠠᠢ ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠰᠠᠬᠢᠨ

ᠬᠠᠮᠠᠭᠠᠯᠠᠨ᠎ᠠ︾ ᠭᠡᠬᠦ ᠭᠤᠣᠯ ᠰᠡᠳᠦᠪ ᠲᠠᠢ᠃ᠭᠠᠯ ᠤᠨᠲᠠᠷᠠᠭᠠᠵᠤ ᠠᠪᠤᠷᠠᠨ ᠲᠤᠰᠠᠯᠠᠬᠤ ᠦᠷᠳᠡᠭᠡ ᠪᠣᠯᠣᠨ ᠰᠠᠶᠢᠨ

ᠳᠤᠷ᠎ᠠ ᠶᠢᠨ ᠠᠵᠢᠯᠯᠠᠭᠰᠠᠳ ᠬᠥᠨᠳᠡᠯᠡᠨ ᠪᠢᠴᠢᠭᠡᠰᠦ ᠡᠯᠭᠦᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ

ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠬᠤ

ᠵᠡᠷᠭᠡ ᠬᠡᠯᠪᠡᠷᠢ ᠪᠠᠷ ᠤᠯᠠᠨ ᠲᠦᠮᠡᠨ ᠳᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠬᠡᠭᠡᠷ᠎ᠡ

ᠭᠠᠳᠠᠨ᠎ᠠ ᠠᠮᠢ ᠵᠢᠭᠤᠲᠠᠬᠤ᠂ ᠭᠠᠮᠰᠢᠭ ᠠᠴᠠ ᠰᠡᠷᠭᠡᠶᠢᠯᠡᠵᠦ ᠠᠶᠤᠯ ᠠᠴᠠ ᠵᠠᠶᠢᠯᠠᠬᠤ᠂ ᠤᠰᠤᠨ ᠳᠤ ᠵᠢᠪᠬᠦ ᠠᠴᠠ

ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠲᠠᠯ᠎ᠠ ᠶᠢᠨ ᠮᠡᠳᠡᠯᠭᠡ ᠶᠢ ᠲᠠᠨᠢᠯᠴᠠᠭᠤᠯᠵᠤ᠂

ᠰᠠᠭᠤᠭᠠᠯᠢ ᠠᠷᠠᠳ ᠲᠤ ᠳᠡᠷᠭᠡᠳᠡᠬᠢ ᠡᠯ᠎ᠡ ᠵᠦᠢᠯ ᠤᠨ ᠭᠠᠢ ᠭᠠᠮᠰᠢᠭ ᠤᠨ ᠠᠶᠤᠯ ᠲᠦᠭᠰᠢᠭᠦᠷᠢ ᠶᠢ ᠢᠯᠭᠠᠨ

ᠲᠠᠨᠢᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠪᠠ ᠥᠪᠡᠷ ᠢ ᠪᠠᠨ ᠠᠪᠤᠷᠠᠵᠤ ᠬᠠᠷᠢᠯᠴᠠᠨ

ᠲᠤᠰᠠᠯᠠᠯᠴᠠᠬᠤ ᠴᠢᠳᠠᠪᠤᠷᠢ ᠶᠢ ᠡᠵᠡᠮᠰᠢᠭᠦᠯᠪᠡ᠃ᠲᠤᠬᠠᠢ ᠶᠢᠨ ᠲᠠᠯᠠᠪᠠᠶ ᠶᠢᠨ ᠰᠠᠭᠤᠭᠠᠯᠢ ᠠᠷᠠᠳ ᠡᠯ᠎ᠡ ᠵᠦᠢᠯ ᠤᠨ

ᠵᠢᠭᠠᠨ ᠰᠤᠷᠭᠠᠯᠲᠠ ᠶᠢᠨ ᠦᠵᠡᠭᠦᠯᠦᠯᠭᠡ ᠶᠢᠨ ᠮᠡᠷᠭᠡᠵᠢᠯ ᠴᠢᠳᠠᠪᠤᠷᠢ ᠪᠠ ᠭᠠᠯ ᠤᠨᠲᠠᠷᠠᠭᠠᠬᠤ ᠪᠠᠴᠢᠮ ᠪᠠᠶᠢᠳᠠᠯ ᠢ

ᠠᠷᠭᠠᠴᠠᠬᠤ ᠰᠣᠷᠢᠯᠲᠠ ᠶᠢ ᠨᠠᠷᠢᠨ ᠬᠢᠨᠠᠮᠠᠭᠠᠢ ᠦᠵᠡᠭᠰᠡᠨ ᠤ ᠳᠠᠷᠠᠭ᠎ᠠ᠂ ᠭᠠᠮᠰᠢᠭ ᠢ ᠰᠡᠷᠭᠡᠶᠢᠯᠡᠨ ᠭᠠᠮᠰᠢᠭ ᠢ

ᠪᠠᠭᠠᠰᠬᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠯᠭᠡ ᠶᠢ ᠨᠠᠷᠢᠨ ᠨᠢᠮᠪᠠᠢ ᠠᠰᠠᠭᠤᠨ ᠯᠠᠪᠯᠠᠵᠤ᠂

ᠰᠠᠭᠤᠭᠠᠯᠢ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠢ ᠠᠩᠬᠠᠷᠬᠤ ᠢᠳᠡᠪᠬᠢᠵᠢᠯ ᠪᠠ

ᠰᠠᠨᠠᠭᠠᠴᠢᠯᠠᠭᠠᠲᠤ ᠴᠢᠨᠠᠷ ᠢ ᠲᠤᠶᠢᠯ ᠤᠨ ᠶᠡᠭᠡ ᠪᠠᠷ ᠳᠠᠶᠢᠴᠢᠯᠠᠵᠤ᠂ ᠣᠯᠠᠨ ᠲᠦᠮᠡᠨ ᠤ ᠠᠶᠤᠯ ᠠᠴᠠ ᠵᠠᠶᠢᠯᠠᠬᠤ᠂

ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃ᠰᠠᠭᠤᠭᠠᠯᠢ ᠠᠷᠠᠳ ᠤᠨ ᠠᠮᠤᠷ

ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠰᠢᠨᠵᠢᠯᠡᠬᠦ

ᠤᠬᠠᠭᠠᠨᠴᠢ ᠪᠠᠷ ᠴᠢᠩᠭᠠᠳᠬᠠᠵᠤ᠂ ᠣᠯᠠᠨ ᠨᠡᠶᠢᠲᠡ ᠶᠢᠨ ᠪᠠᠴᠢᠮ ᠪᠠᠶᠢᠳᠠᠯ ᠢ ᠠᠷᠭᠠᠴᠠᠬᠤ ᠠᠶᠤᠯ ᠠᠴᠠ ᠵᠠᠶᠢᠯᠠᠬᠤ

ᠴᠢᠳᠠᠪᠤᠷᠢ ᠶᠢ ᠳᠡᠭᠡᠭᠰᠢᠯᠡᠭᠦᠯᠪᠡ᠃

         ︽ᠵᠡᠮᠳᠡᠭᠴᠦᠳ ᠤᠨ ᠠᠵᠢᠯ ᠣᠯᠭᠤᠯᠲᠠ ᠶᠢ ᠠᠬᠢᠭᠤᠯᠵᠤ᠂ ᠵᠡᠮᠳᠡᠭᠴᠦᠳ ᠤᠨ ᠡᠷᠬᠡ ᠠᠰᠢᠭ ᠢ

ᠪᠠᠲᠤᠯᠠᠬᠤ︾ ᠪᠠᠷ ᠭᠤᠣᠯ ᠰᠡᠳᠦᠪ ᠪᠣᠯᠭᠠᠭᠰᠠᠨ ᠭᠤᠴᠢᠨ ᠬᠤᠶᠠᠳᠤᠭᠠᠷ ᠪᠦᠭᠦ ᠤᠯᠤᠰ ᠤᠨ ᠵᠡᠮᠳᠡᠭᠴᠦᠳ ᠢ

ᠲᠤᠰᠠᠯᠠᠬᠤ ᠡᠳᠦᠷ ᠤᠨ ᠠᠵᠢᠯᠯᠠᠭ᠎ᠠ ᠬᠠᠮᠲᠤ ᠳᠤᠨᠢ ᠺᠯᠦ᠋ᠪ ᠤᠨ ᠠᠭᠤᠳᠠᠮ ᠲᠠᠯᠠᠪᠠᠢ ᠳᠤ ᠶᠠᠪᠤᠭᠳᠠᠪᠠ᠃

ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠡᠭᠡᠯᠢ ᠭᠤᠳᠤᠮᠵᠢ ᠶᠢᠨ ᠠᠵᠢᠯᠲᠠᠳ ᠵᠡᠮᠳᠡᠭ ᠨᠠᠶᠢᠵᠠ ᠨᠠᠷ ᠲᠤ

ᠤᠬᠠᠭᠤᠯᠭ᠎ᠠ ᠶᠢᠨ ᠮᠠᠲᠧᠷᠢᠶᠠᠯ ᠪᠣᠯᠣᠨ ᠲᠣᠬᠤᠨᠢᠭᠤᠯᠬᠤ ᠪᠣᠳᠠᠰ ᠲᠠᠷᠬᠠᠭᠠᠵᠠᠢ᠃ᠡᠭᠦᠨ ᠤ ᠵᠡᠷᠭᠡ ᠳᠤ᠂ ᠤᠯᠠᠭᠠᠨ

ᠡᠰ ᠤᠨ ᠰᠠᠶᠢᠨ ᠳᠤᠷ᠎ᠠ   ᠶᠢᠨ ᠦᠢᠯᠡᠴᠢᠯᠡᠭᠡᠨ ᠤ ᠠᠩᠭᠢ ᠨᠢ ᠵᠡᠭᠡᠯᠢ ᠭᠤᠳᠤᠮᠵᠢ   ᠶᠢᠨ ᠰᠠᠬᠢᠯᠭ᠎ᠠ ᠪᠠᠲᠤ   ᠶᠢᠨ

ᠠᠵᠢᠯ ᠤᠨ ᠬᠤᠷᠢᠶ᠎ᠠ᠂ ᠳᠣᠲᠣᠭᠠᠳᠤ   ᠶᠢ ᠬᠠᠮᠠᠭᠠᠯᠠᠬᠤ ᠰᠠᠯᠪᠤᠷᠢ ᠠᠩᠭᠢ  ᠲᠠᠢ ᠬᠠᠮᠲᠤᠷᠠᠨ ᠦᠢᠯᠡᠴᠢᠯᠡᠭᠡᠨ ᠤ ᠴᠡᠭ

ᠭᠠᠷᠭᠠᠵᠤ᠂ ᠲᠤᠬᠠᠢ   ᠶᠢᠨ ᠲᠠᠯᠠᠪᠤᠷ ᠲᠤ ᠪᠠᠶᠢᠭ᠎ᠠ ᠵᠡᠮᠳᠡᠭ ᠬᠥᠮᠥᠰ᠂ ᠣᠨᠴᠠᠭᠠᠶ ᠬᠡᠦᠬᠡᠳ ᠲᠤ ᠬᠠᠤᠯᠢ ᠴᠠᠭᠠᠵᠠ  

 ᠶᠢᠨ ᠶᠡᠷᠦ   ᠶᠢᠨ ᠮᠡᠳᠡᠯᠭᠡ   ᠶᠢ ᠲᠦᠭᠡᠮᠡᠯᠵᠢᠭᠦᠯᠬᠦ ᠤᠬᠠᠭᠤᠯᠭ᠎ᠠ᠂ ᠬᠠᠤᠯᠢ ᠴᠠᠭᠠᠵᠠ   ᠶᠢᠨ ᠯᠠᠪᠯᠠᠯᠲᠠ ᠵᠡᠷᠭᠡ   ᠶᠢ

ᠬᠢᠵᠦ ᠥᠭᠴᠡᠢ᠃

 
ᠢᠷᠡᠯᠲᠡ᠄ ᠰᠢᠭᠤᠶᠢᠲᠤ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号