ᠠᠮᠢ ᠨᠠᠰᠤ ᠶᠢ ᠭᠤᠶᠢᠳᠠ ᠰᠠᠶᠢᠬᠠᠨ ᠡᠭᠦᠳᠴᠦ ᠵᠡᠮᠳᠡᠭᠴᠦᠳ ᠢ ᠬᠠᠶᠢᠷᠠᠯᠠᠨ ᠬᠠᠯᠠᠮᠵᠢᠯᠠᠵᠤ ᠪᠠᠶᠢᠭ᠎ᠠ ᠰᠢᠭᠤᠶᠢᠲᠤ ᠵᠡᠭᠡᠯᠢ ᠭᠤᠳᠤᠮᠵᠢ ᠶᠢᠨ ᠬᠢᠨ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠨᠡᠶᠢᠲᠡ ᠶᠢᠨ ᠠᠰᠠᠷᠠᠮᠵᠢ ᠶᠢᠨ ᠠᠯᠪᠠᠨ ᠵᠢᠷᠤᠮ ᠤᠨ ᠡᠮᠴᠢᠯᠡᠭᠡ ᠶᠢᠨ ᠠᠵᠢᠯᠯᠠᠭ᠎ᠠ ᠶᠢ ᠥᠷᠨᠢᠭᠦᠯᠦᠨ᠎ᠡ
ᠨᠡᠶᠢᠲᠡᠯᠡᠭᠰᠡᠨ ᠴᠠᠭ᠄
2022/5/25
         2022 ᠣᠨ ᠤ 5 ᠰᠠᠷ᠎ᠠ ᠶᠢᠨ 15 ᠤ ᠡᠳᠦᠷ ᠪᠣᠯ 32 ᠳ᠋ᠤᠭᠠᠷ ︽ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾ ᠪᠣᠯᠣᠨ᠎ᠠ᠂ ᠬᠠᠷᠢᠶᠠᠲᠤ ᠣᠷᠣᠨ ᠤ ᠵᠡᠮᠳᠡᠭᠴᠦᠳ ᠤᠨ ᠡᠷᠡᠭᠦᠯ ᠮᠡᠨᠳᠦ ᠶᠢᠨ ᠪᠠᠶᠢᠳᠠᠯ ᠢ ᠬᠠᠯᠠᠮᠵᠢᠯᠠᠨ ᠰᠠᠶᠢᠵᠢᠷᠠᠭᠤᠯᠵᠤ᠂ ᠵᠡᠮᠳᠡᠭᠴᠦᠳ ᠲᠤ ᠦᠨᠡᠨ ᠬᠦ ᠬᠠᠶᠢᠷ᠎ᠠ ᠬᠠᠯᠠᠮᠵᠢ ᠬᠦᠷᠭᠡᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠠᠶᠢᠨ ᠶᠠᠪᠤᠳᠠᠯ ᠬᠢᠬᠦ ᠶᠢᠨ ᠲᠥᠯᠥᠭᠡ᠂ 5 ᠰᠠᠷ᠎ᠠ ᠶᠢᠨ 12 ᠤᠨ ᠡᠳᠦᠷ ᠵᠡᠭᠡᠯᠢ ᠭᠤᠳᠤᠮᠵᠢ ᠶᠢᠨ ᠬᠢᠨ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠡᠮᠨᠡᠯᠭᠡ ᠶᠢᠨ ᠬᠤᠷᠢᠶᠠᠨ ᠤ ᠨᠠᠰᠤᠲᠠᠶᠢᠴᠤᠳ ᠤᠨ ᠡᠪᠡᠳᠴᠢᠨ ᠤ ᠰᠠᠯᠠᠭ᠎ᠠ ᠲᠠᠢ ᠬᠤᠯᠪᠤᠭᠠᠯᠠᠨ ᠵᠡᠮᠳᠡᠭᠴᠦᠳ ᠲᠤ ᠰᠦᠢᠳᠬᠡᠯ ᠬᠤᠷᠢᠶᠠᠬᠤ ᠦᠭᠡᠢ ᠪᠠᠷ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃

       ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠡᠮᠨᠡᠯᠭᠡ ᠶᠢᠨ ᠠᠵᠢᠯᠲᠠᠳ ᠵᠡᠮᠳᠡᠭᠴᠦᠳ ᠤᠨ ᠴᠢᠰᠤᠨ

ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ᠂ ᠵᠢᠷᠦᠬᠡᠨ ᠤ ᠯᠤᠭᠰᠢᠯᠲᠠ ᠶᠢᠨ ᠵᠢᠷᠤᠭ ᠵᠡᠷᠭᠡ ᠡᠩ ᠤᠨ

ᠲᠥᠷᠥᠯ ᠵᠦᠢᠯ ᠤᠨ ᠪᠠᠶᠢᠴᠠᠭᠠᠯᠲᠠ  ᠶᠢ ᠨᠠᠷᠢᠨ ᠬᠢᠨᠠᠮᠠᠭᠠᠢ ᠬᠢᠵᠦ᠂ ᠡᠭᠦᠨ ᠤ ᠬᠠᠮᠲᠤ ᠬᠥᠮᠥᠨ ᠨᠢᠭᠡᠪᠦᠷᠢ ᠶᠢᠨ

ᠪᠠᠶᠢᠴᠠᠭᠠᠯᠲᠠ ᠶᠢᠨ ᠦᠷ᠎ᠡ ᠳ᠋ᠦᠩ ᠳᠤ ᠴᠢᠭᠯᠡᠭᠦᠯᠦᠨ ᠵᠦᠢ ᠵᠣᠬᠢᠰᠲᠠᠢ ᠡᠷᠡᠭᠦᠯ ᠮᠡᠨᠳᠦ ᠶᠢᠨ ᠲᠣᠬᠢᠷᠠᠭᠤᠯᠤᠯᠲᠠ ᠪᠠ

ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠰᠠᠨᠠᠭᠤᠯᠭ᠎ᠠ ᠥᠭᠴᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ

ᠡᠷᠡᠭᠦᠯᠵᠢᠯ ᠤᠨ ᠮᠡᠳᠡᠯᠭᠡ ᠶᠢ ᠲᠠᠶᠢᠯᠪᠤᠷᠢᠯᠠᠨ᠂ ᠵᠡᠮᠳᠡᠭᠴᠦᠳ ᠤᠨ ᠡᠯ᠎ᠡ ᠵᠦᠢᠯ ᠤᠨ ᠠᠰᠠᠭᠤᠯᠲᠠ ᠶᠢ

ᠬᠦᠯᠢᠴᠡᠩᠭᠦᠢ ᠪᠠᠷ ᠬᠠᠷᠢᠭᠤᠯᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠵᠢᠩᠬᠢᠨᠢ ᠡᠮᠨᠡᠯᠭᠡ ᠶᠢᠨ

ᠬᠤᠷᠢᠶᠠᠨ ᠳᠤ ᠬᠦᠷᠴᠦ ᠪᠠᠶᠢᠴᠠᠭᠠᠯᠭᠠᠨ ᠡᠮᠨᠡᠭᠦᠯᠬᠦ ᠬᠡᠷᠡᠭᠲᠡᠢ ᠭᠡᠵᠦ ᠲᠡᠳᠡᠨ ᠳᠤ ᠰᠠᠨᠠᠭᠤᠯᠤᠭᠰᠠᠨ ᠪᠠᠶᠢᠨ᠎ᠠ᠃

      ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ

ᠣᠷᠣᠨ ᠤ ᠵᠡᠮᠳᠡᠭᠴᠦᠳ ᠲᠤ ᠲᠣᠰ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ ᠤᠷᠢᠳᠴᠢᠯᠠᠨ ᠣᠶᠢᠯᠠᠭᠠᠭᠤᠯᠵᠤ᠂

ᠲᠡᠳᠡᠨ ᠢ ᠬᠠᠪᠰᠤᠷᠤᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ ᠪᠠ ᠡᠷᠡᠭᠦᠯᠵᠢᠭᠦᠯᠬᠦ ᠳᠤ

ᠦᠨᠳᠦᠰᠦᠯᠡᠯ ᠬᠠᠩᠭᠠᠵᠤ᠂ ᠪᠠᠰᠠ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠵᠡᠮᠳᠡᠭᠴᠦᠳ ᠢ ᠬᠠᠯᠠᠮᠵᠢᠯᠠᠨ

ᠬᠠᠶᠢᠷᠠᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠬᠠᠷᠢᠶᠠᠲᠤ ᠣᠷᠣᠨ ᠤ ᠵᠡᠮᠳᠡᠭᠴᠦᠳ ᠤᠨ ᠡᠷᠡᠭᠦᠯ ᠮᠡᠨᠳᠦ ᠶᠢᠨ

ᠬᠢᠷᠢ ᠬᠡᠮᠵᠢᠶ᠎ᠡ ᠪᠠ ᠠᠮᠢᠳᠤᠷᠠᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号