ᠰᠢᠭᠤᠶᠢᠲᠤ ᠵᠡᠭᠡᠯᠢ ᠭᠤᠳᠤᠮᠵᠢ ᠳᠤ ᠵᠡᠮᠳᠡᠭᠴᠦᠳ ᠤᠨ ᠭᠡᠷ ᠪᠦᠯᠢ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/5/25
         ᠬᠠᠷᠢᠶᠠᠲᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠠᠷᠢᠶᠠᠲᠤ ᠣᠷᠣᠨ ᠤ ᠵᠡᠮᠳᠡᠭᠴᠦᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠠᠵᠢᠯᠲᠠᠳ ᠢᠶᠠᠨ ᠵᠣᠬᠢᠶᠠᠨ ᠪᠠᠶᠢᠭᠤᠯᠤᠨ ᠪᠠᠶᠢᠭᠠᠯᠢ ᠶᠢᠨ ᠰᠢᠲᠠᠮᠠᠬᠠᠢ ᠬᠡᠢ ᠬᠡᠷᠡᠭᠯᠡᠵᠦ ᠪᠠᠶᠢᠭ᠎ᠠ 10 ᠡᠷᠦᠬᠡ ᠶᠢᠨ ᠵᠡᠮᠳᠡᠭᠴᠦᠳ ᠤᠨ ᠭᠡᠷ ᠪᠦᠯᠢ ᠳᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢᠨ ᠬᠠᠮᠲᠤ ᠰᠢᠲᠠᠮᠠᠬᠠᠢ ᠬᠡᠢ ᠶᠢᠨ ᠠᠮᠤᠷ ᠲᠦᠪᠰᠢᠨ᠂ ᠴᠠᠬᠢᠯᠭᠠᠨ ᠬᠡᠷᠡᠭᠯᠡᠬᠦ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠮᠡᠳᠡᠯᠭᠡ ᠶᠢᠨ ᠤᠬᠠᠭᠤᠯᠭ᠎ᠠ ᠶᠢ ᠬᠢᠬᠦ ᠬᠡᠷᠡᠭᠲᠡᠢ᠃        ᠵᠡᠮᠳᠡᠭᠴᠦᠳ ᠤᠨ ᠭᠡᠷ ᠲᠤ ᠬᠦᠷᠬᠦ ᠪᠦᠷᠢ᠂ ᠠᠵᠢᠯᠲᠠᠳ ᠴᠥᠮ ᠰᠢᠩᠭᠡᠵᠢᠮᠠᠯ ᠬᠡᠢ ᠶᠢᠨ ᠰᠠᠪᠠ ᠨᠢ ᠬᠡᠢ ᠭᠤᠭᠤᠵᠢᠭᠰᠠᠨ ᠡᠰᠡᠬᠦ᠂ ᠵᠥᠭᠡᠯᠡᠨ ᠬᠤᠭᠤᠯᠠᠢ ᠨᠢ ᠤᠨᠠᠵᠤ ᠬᠠᠭᠤᠴᠢᠷᠠᠭᠰᠠᠨ ᠡᠰᠡᠬᠦ᠂ ᠲᠦᠭᠰᠢᠭᠦᠷᠢ ᠮᠡᠳᠡᠭᠡᠯᠡᠬᠦ ᠮᠠᠰᠢᠨ ᠢ ᠤᠭᠰᠠᠷᠠᠬᠤ ᠶᠢᠨ ᠬᠠᠮᠲᠤ ᠬᠡᠪ ᠤᠨ ᠪᠠᠶᠢᠳᠠᠯ ᠢᠶᠠᠷ ᠬᠡᠷᠡᠭᠯᠡᠭᠰᠡᠨ ᠡᠰᠡᠬᠦ᠂ ᠭᠡᠷ ᠤᠨ ᠴᠠᠬᠢᠯᠭᠠᠨ ᠤᠲᠠᠰᠤ ᠨᠢ ᠬᠠᠭᠤᠴᠢᠷᠠᠭᠰᠠᠨ ᠡᠰᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠷ ᠪᠠᠶᠢᠴᠠᠭᠠᠨ ᠦᠵᠡᠵᠦ ᠪᠠᠶᠢᠨ᠎ᠠ᠃ ᠡᠭᠦᠨ ᠤ ᠬᠠᠮᠲᠤ ᠵᠡᠮᠳᠡᠭᠴᠦᠳ ᠵᠢᠴᠢ ᠭᠡᠷ ᠪᠦᠯᠢ ᠶᠢᠨ ᠬᠢᠨ ᠳᠤ ᠨᠡᠭᠦᠷᠡᠰᠦᠨ ᠬᠡᠢ ᠳᠤ ᠬᠤᠣᠷᠳᠠᠭᠳᠠᠭᠰᠠᠨ ᠰᠢᠯᠲᠠᠭᠠᠨ᠂ ᠪᠠᠶᠢᠩᠭᠤ ᠲᠣᠬᠢᠶᠠᠯᠳᠤᠬᠤ ᠡᠪᠡᠳᠴᠢᠨ ᠤ ᠪᠠᠶᠢᠳᠠᠯ᠂ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠬᠢᠵᠦ᠂ ᠲᠡᠳᠡᠨ ᠳᠤ ᠡᠷᠬᠡᠪᠰᠢ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠶᠢᠨ ᠠᠮᠤᠷ ᠲᠦᠪᠰᠢᠨ ᠢ ᠠᠩᠬᠠᠷᠴᠤ᠂ ᠠᠮᠢᠳᠤᠷᠠᠯ ᠤᠨ ᠳᠤᠮᠳᠠ ᠬᠦᠴᠢᠷᠳᠡᠯ ᠲᠤᠯᠭᠠᠷᠠᠪᠠᠯ ᠴᠠᠭ ᠲᠤᠬᠠᠢ ᠳᠤᠨᠢ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠲᠤᠰᠬᠠᠬᠤ ᠬᠡᠷᠡᠭᠲᠡᠢ ᠭᠡᠵᠦ ᠵᠠᠬᠢᠪᠠ᠃
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号