ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠵᠢᠱᠢᠶ᠎ᠡ ᠦᠵᠡᠭᠦᠯᠦᠨ ᠲᠦᠷᠦᠭᠦᠯᠡᠨ ᠰᠢᠯᠢᠳᠡᠭ ᠪᠦᠲᠦᠮᠵᠢ ᠤᠯᠵᠠᠢ
ᠨᠡᠶᠢᠲᠡᠯᠡᠭᠰᠡᠨ ᠴᠠᠭ᠄
2022/5/25
       ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2022 ᠣᠨ ᠤ 5 ᠰᠠᠷ᠎ᠠ ᠳᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠶᠢᠨ ᠠᠩᠬᠠᠳᠠᠭᠴᠢ ᠪᠦᠯᠦᠭ ︽ᠤᠯᠤᠰ ᠲᠥᠷᠥ ᠶᠢ ᠡᠷᠬᠢᠮᠯᠡᠬᠦ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠳᠦᠷᠢᠮ ᠢ ᠮᠡᠳᠡᠬᠦ᠂ ᠠᠵᠢᠯ ᠶᠠᠪᠤᠳᠠᠯ ᠪᠦᠲᠦᠭᠡᠬᠦ ᠳᠡᠭᠡᠨ ᠴᠢᠳᠠᠮᠠᠭᠠᠢ︾ ᠵᠢᠱᠢᠶᠡᠴᠢ ᠨᠢᠭᠡᠴᠡ ᠶᠢᠨ ᠢᠷᠠᠭᠤ ᠠᠯᠳᠠᠷ ᠢ ᠭᠥᠷᠳᠡᠪᠡ᠃        ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂︽ᠬᠠᠮᠤᠭ ᠤᠨ ᠬᠦᠴᠦᠷᠬᠡᠭ ᠨᠠᠮ ᠤᠨ ᠡᠭᠦᠷ︾︾ ᠢ ᠪᠠᠶᠢᠭᠤᠯᠬᠤ ᠪᠠ︽ᠬᠤᠶᠠᠷ ᠢ ᠳᠤᠷᠠᠳᠴᠤ ᠭᠤᠷᠪᠠ ᠶᠢ ᠬᠦᠴᠦᠷᠬᠡᠭᠵᠢᠭᠦᠯᠵᠦ ᠵᠢᠷᠭᠤᠭ᠎ᠠ ᠶᠢ ᠠᠬᠢᠭᠤᠯᠬᠤ︾ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠠᠬᠢᠭᠤᠯᠵᠠᠢ᠃ ︽124︾ ᠠᠵᠢᠯ ᠤᠨ ᠬᠠᠤᠯᠢ ᠶᠢ ᠰᠢᠨ᠎ᠡ ᠪᠠᠷ ᠡᠭᠦᠳᠦᠨ ᠥᠷᠨᠢᠭᠦᠯᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠨᠠᠶᠢᠳᠠᠪᠤᠷᠢᠵᠢᠭᠤᠯᠬᠤ ᠶᠢ ᠡᠯ᠎ᠡ ᠵᠦᠢᠯ ᠤᠨ ᠠᠵᠢᠯ ᠤᠨ ᠳᠤᠮᠳᠠ ᠪᠠᠨ ᠢᠮᠠᠭᠲᠠ ᠲᠤᠭᠤᠰᠢᠯᠠᠭᠤᠯᠵᠤ᠂ ᠰᠠᠬᠢᠯᠭ᠎ᠠ ᠪᠠᠲᠤ ᠶᠣᠰᠣ ᠳᠦᠷᠢᠮ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠳᠦᠷᠢᠮ ᠨᠠᠮ ᠤᠨ ᠲᠣᠭᠲᠠᠭᠠᠯ ᠢ ᠲᠦᠷᠦᠭᠦᠯᠡᠨ ᠵᠢᠷᠤᠮᠯᠠᠵᠤ᠂ ᠲᠥᠪ ᠬᠤᠷᠢᠶᠠᠨ ᠤ ︽ᠨᠠᠢᠮᠠᠨ ᠵᠦᠢᠯ ᠤᠨ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ᠰᠡᠳᠬᠢᠯ ᠵᠢᠷᠦᠬᠡᠨ ᠠᠴᠠ ᠪᠠᠨ ᠡᠮᠢᠶᠡᠬᠦ᠂ ᠦᠭᠡ ᠬᠡᠯᠡᠬᠦ ᠳᠡᠭᠡᠨ ᠴᠡᠭᠡᠷ ᠲᠠᠢ᠂ ᠦᠢᠯᠡ ᠠᠵᠢᠯᠯᠠᠭ᠎ᠠ ᠳᠠᠭᠠᠨ ᠵᠣᠭᠰᠣᠴᠠ ᠲᠠᠢ ᠪᠠᠶᠢᠬᠤ ᠶᠢ ᠪᠡᠶᠡᠯᠡᠭᠦᠯᠵᠦ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠳᠦᠷᠢᠮ ᠢ ᠡᠷᠬᠢᠮᠯᠡᠬᠦ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠨ᠎ᠠ᠃
       ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠢ ᠬᠥᠲᠥᠯᠥᠨ ᠵᠢᠯᠤᠭᠤᠳᠴᠤ ᠪᠠᠶᠢᠭᠠᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠤᠳᠠ ᠶᠢ ᠡᠭᠦᠳᠴᠦ ᠡᠷᠡᠭᠦᠯ ᠬᠠᠮᠠᠭᠠᠯᠠᠯ ᠢ ᠡᠭᠦᠳᠬᠦ ᠵᠡᠷᠭᠡ ᠭᠤᠣᠯᠳᠠᠯᠭ᠎ᠠ ᠲᠠᠢ ᠠᠵᠢᠯ ᠤᠨ ᠳᠤᠮᠳᠠ ᠲᠦᠷᠦᠭᠦᠯᠡᠵᠦ᠂ ᠦᠯᠢᠭᠡᠷ ᠳᠠᠭᠤᠷᠢᠶᠠᠯ ᠪᠣᠯᠵᠤ᠂ ᠤᠬᠠᠮᠰᠠᠷ ᠠᠴᠠ ᠪᠠᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ᠡᠭᠦᠨ ᠤ ᠳᠠᠭᠠᠤ ᠳᠤ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ᠦᠢᠯᠡᠳᠦᠯᠭᠡ ᠶᠢᠨ ᠠᠵᠢᠯᠯᠠᠭ᠎ᠠ ᠪᠠ︽ᠬᠤᠶᠠᠷ ᠲᠤ ᠦᠢᠯᠡᠴᠢᠯᠡᠵᠦ ᠬᠤᠶᠠᠷ ᠢ ᠲᠠᠨᠢᠵᠤ ᠠᠪᠬᠤ︾ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠷᠠᠳ ᠤᠯᠠᠨ ᠳᠤ ᠰᠠᠶᠢᠨ ᠶᠠᠪᠤᠳᠠᠯ ᠬᠢᠵᠦ᠂ ᠪᠣᠳᠠᠲᠠᠢ ᠶᠠᠪᠤᠳᠠᠯ ᠬᠢᠵᠦ᠂ ᠬᠦᠴᠢᠷ ᠶᠠᠪᠤᠳᠠᠯ ᠢ ᠰᠢᠢᠳᠪᠦᠷᠢᠯᠡᠬᠦ ᠪᠠᠷ ᠴᠢᠷᠮᠠᠶᠢᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ︽ᠤᠭ ᠰᠠᠨᠠᠭ᠎ᠠ︾ ᠪᠠᠷ ᠤᠯᠠᠨ ᠲᠦᠮᠡᠨ ᠤ ᠨᠠᠮ ᠤᠨ ᠤᠳᠤᠷᠢᠳᠤᠯᠭ᠎ᠠ ᠶᠢ ᠬᠦᠷᠢᠶᠡᠯᠡᠬᠦ ︽ᠠᠷᠠᠳ ᠤᠨ ᠰᠡᠳᠬᠢᠯ︾︾ ᠢ ᠣᠯᠵᠤ᠂ ᠤᠯᠤᠰ ᠲᠦᠷᠦ ᠶᠢ ᠡᠷᠬᠢᠮᠯᠡᠬᠦ᠂ ᠴᠢᠳᠠᠮᠠᠭᠠᠢ ᠪᠠᠷ ᠦᠢᠯᠡᠰ ᠪᠦᠲᠦᠭᠡᠬᠦ ᠬᠤᠰᠢᠭᠤᠴᠢ ᠪᠣᠯᠬᠤ ᠪᠠᠷ ᠴᠢᠷᠮᠠᠶᠢᠬᠤ ᠬᠡᠷᠡᠭᠲᠡᠢ᠃       ᠳᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ ᠰᠤᠷᠲᠠᠯ ᠤᠨ ᠪᠠᠶᠢᠭᠤᠯᠤᠯᠲᠠ ᠶᠢᠨ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢ ᠴᠢᠩᠭᠠᠳᠬᠠᠬᠤ ᠳᠤ ᠲᠦᠰᠢᠭᠯᠡᠵᠦ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠺᠠᠳ᠋ᠷ ᠤᠨ ᠡᠩᠨᠡᠭᠡᠨ ᠤ ᠰᠤᠷᠲᠠᠯ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ᠂ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠪᠠᠨ ᠪᠠᠳᠠᠷᠠᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠳᠤ ᠬᠥᠮᠥᠨ ᠤ ᠬᠦᠴᠦᠨ ᠪᠠ ᠨᠡᠶᠢᠭᠡᠮ ᠤᠨ ᠪᠠᠲᠤᠯᠠᠪᠤᠷᠢ ᠶᠢᠨ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号