ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ︽ᠶᠢᠰᠦᠨ ᠵᠦᠢᠯ ᠤᠨ ᠢᠯᠡᠷᠡᠯ︾ ᠲᠠᠢ ᠬᠠᠷᠢᠴᠠᠭᠤᠯᠤᠨ ᠵᠥᠷᠢᠶ᠎ᠡ ᠪᠠᠨ ᠡᠷᠢᠬᠦ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/25
      5 ᠰᠠᠷ᠎ᠠ ᠶᠢᠨ 9  ᠤ ᠡᠳᠦᠷ᠂ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠪᠦᠬᠦ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢᠨ ᠵᠥᠷᠢᠶ᠎ᠡ ᠶᠢ ᠡᠷᠢᠬᠦ ᠲᠤᠰᠬᠠᠢ ᠰᠡᠳᠦᠪᠲᠦ ᠬᠤᠷᠠᠯ ᠢ ᠬᠤᠷᠠᠯᠳᠤᠭᠤᠯᠪᠠ᠃       ᠬᠤᠷᠠᠯ ᠳᠡᠭᠡᠷ᠎ᠡ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠭᠤᠣᠯ ᠬᠠᠷᠢᠭᠤᠴᠠᠯᠭᠠᠲᠠᠨ ᠤᠳᠤᠷᠢᠳᠬᠤ ᠪᠠᠭ ᠢ ᠲᠥᠯᠥᠭᠡᠯᠡᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠣᠯᠣᠨ ᠵᠠᠯᠬᠠᠭᠤ ᠵᠠᠰᠠᠭ ᠤᠨ ᠠᠰᠠᠭᠤᠳᠠᠯ ᠤᠨ ︽ᠶᠢᠰᠦᠨ ᠵᠦᠢᠯ ᠤᠨ ᠢᠯᠡᠷᠡᠯ︾ ᠤᠨ ᠲᠣᠭᠤᠷᠢᠨ ᠳᠤ ᠬᠠᠷᠢᠴᠠᠭᠤᠯᠤᠨ ᠪᠠᠶᠢᠴᠠᠭᠠᠵᠤ᠂ ᠪᠦᠬᠦ ᠺᠠᠳ᠋ᠷ ᠠᠵᠢᠯᠲᠠᠨ ᠠᠵᠢᠯᠴᠢᠨ ᠳᠡᠰ ᠳᠠᠷᠠᠭ᠎ᠠ ᠲᠠᠢ ᠪᠠᠷ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠥᠪᠡᠷ ᠤᠨ ᠪᠡᠶ᠎ᠡ ᠪᠠᠨ ᠣᠷᠣᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠣᠷᠣᠭᠤᠯᠵᠤ᠂ ᠠᠵᠢᠯ ᠢᠶᠠᠨ ᠣᠷᠣᠭᠤᠯᠵᠤ᠂ ᠤᠴᠢᠷ ᠰᠢᠯᠲᠠᠭᠠᠨ   ᠢ ᠭᠦᠨᠵᠡᠭᠡᠢ ᠵᠠᠳᠠᠯᠤᠨ ᠰᠢᠨᠵᠢᠯᠡᠵᠦ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠳᠤᠷᠠᠳᠤᠨ ᠭᠠᠷᠭᠠᠭᠠᠳ᠂ ᠠᠰᠠᠭᠤᠳᠠᠯ ᠳᠤ ᠴᠢᠭᠯᠡᠭᠦᠯᠦᠨ ᠠᠷᠭ᠎ᠠ ᠬᠡᠮᠵᠢᠶ᠎ᠡ ᠠᠪᠴᠤ᠂ ᠰᠤᠷᠲᠠᠯ ᠤᠨ ᠬᠤᠪᠢᠷᠠᠭᠤᠯᠤᠯᠲᠠ   ᠶᠢ ᠲᠦᠯᠬᠢᠨ ᠠᠬᠢᠭᠤᠯᠬᠤ ᠵᠣᠷᠢᠯᠭ᠎ᠠ ᠳᠠᠭᠠᠨ ᠬᠦᠷᠦᠭᠰᠡᠨ ᠪᠠᠶᠢᠨ᠎ᠠ᠃

      ᠬᠤᠷᠠᠯ ᠠᠴᠠ ᠱᠠᠭᠠᠷᠳᠠᠭᠰᠠᠨ ᠨᠢ᠂ ᠪᠦᠬᠦ ᠺᠠᠳ᠋ᠷ ᠠᠵᠢᠯᠲᠠᠨ ᠠᠵᠢᠯᠴᠢᠨ ᠲᠤᠰ ᠤᠳᠠᠭᠠᠨ ᠤ ᠲᠤᠰᠬᠠᠢ

ᠰᠡᠳᠦᠪᠲᠦ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠥᠪᠡᠷ ᠤᠨ ᠦᠵᠡᠯ ᠰᠠᠨᠠᠭᠠᠨ ᠤ ᠰᠤᠷᠲᠠᠯ᠂ ᠰᠤᠷᠤᠯᠴᠠᠬᠤ

ᠰᠤᠷᠲᠠᠯ᠂ ᠠᠵᠢᠯ ᠤᠨ ᠰᠤᠷᠲᠠᠯ ᠪᠠ ᠠᠮᠢᠳᠤᠷᠠᠯ ᠤᠨ ᠰᠤᠷᠲᠠᠯ ᠢᠶᠠᠨ ᠨᠠᠷᠢᠨ ᠬᠢᠨᠠᠮᠠᠭᠠᠢ ᠬᠠᠷᠢᠴᠠᠭᠤᠯᠤᠨ ᠪᠠᠶᠢᠴᠠᠭᠠᠵᠤ

᠂ ᠡᠭᠦᠨ ᠤ ᠳᠤᠮᠳᠠ ᠠᠴᠠ ᠠᠰᠠᠭᠤᠳᠠᠯ ᠢ ᠢᠯᠡᠷᠡᠭᠦᠯᠵᠦ᠂ ᠦᠨᠳᠦᠰᠦ ᠰᠤᠷᠪᠤᠯᠵᠢ ᠶᠢ ᠵᠠᠳᠠᠯᠬᠤ ᠶᠢᠨ ᠬᠠᠮᠲᠤ ᠴᠠᠭ

ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠠᠵᠢᠯ ᠬᠢᠵᠦ ᠦᠢᠯᠡᠰ ᠪᠣᠰᠬᠠᠬᠤ᠂ ᠤᠯᠠᠨ ᠲᠦᠮᠡᠨ ᠳᠤ ᠦᠢᠯᠡᠴᠢᠯᠡᠬᠦ

ᠰᠠᠶᠢᠨ ᠰᠠᠶᠢᠬᠠᠨ ᠠᠵᠢᠯ ᠤᠨ ᠰᠤᠷᠲᠠᠯ ᠪᠣᠯᠣᠨ ᠵᠣᠷᠢᠭᠲᠠᠢ ᠪᠠᠷ ᠡᠭᠦᠷᠭᠡᠯᠡᠬᠦ᠂ ᠨᠡᠩ ᠨᠠᠷᠢᠨ ᠬᠢᠨᠠᠮᠠᠭᠠᠢ᠂ ᠲᠠᠬᠢᠨ

ᠨᠠᠶᠢᠳᠠᠪᠤᠷᠢᠵᠢᠭᠤᠯᠬᠤ ᠠᠵᠢᠯ ᠤᠨ ᠣᠪᠣᠷ ᠢᠶᠠᠷ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠴᠢᠩᠭ᠎ᠠ

ᠠᠳᠬᠤᠨ ᠪᠣᠳᠠᠲᠠᠢ ᠠᠳᠬᠤᠵᠤ᠂ ᠪᠦᠬᠦ ᠣᠷᠣᠨ ᠤ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠡᠯᠪᠡᠷᠢ ᠪᠠᠨ

ᠬᠤᠪᠢᠷᠠᠭᠤᠯᠤᠨ ᠬᠥᠭᠵᠢᠬᠦ ᠶᠠᠪᠤᠴᠠ ᠳᠤ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠬᠤ ᠶᠢ ᠠᠬᠢᠭᠤᠯᠬᠤ

ᠬᠡᠷᠡᠭᠲᠡᠢ ᠭᠡᠵᠦ ᠵᠢᠭᠠᠵᠤ ᠭᠠᠷᠭᠠᠪᠠ᠃

 
ᠢᠷᠡᠯᠲᠡ᠄ ᠵᠡᠮᠳᠡᠭᠴᠦᠳ ᠤᠨ ᠬᠤᠯᠪᠣᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号