ᠰᠡᠳᠬᠢᠯ ᠲᠠᠯᠪᠢᠨ ᠦᠢᠯᠡᠴᠢᠯᠡᠵᠦ᠂ ᠠᠷᠠᠳ ᠤᠨ ᠬᠦᠴᠢᠷᠳᠡᠯ ᠢ ᠰᠢᠢᠳᠪᠦᠷᠢᠯᠡᠵᠦ ᠥᠭᠬᠦ ᠬᠡᠷᠡᠭᠲᠡᠢ  ︔ᠨᠢᠭᠡ ᠯᠡ ᠴᠣᠩᠬᠤ ᠪᠠᠷ ᠭᠥᠯᠢᠶᠡᠨ ᠠᠪᠴᠤ᠂ ᠥᠨᠳᠥᠷ ᠪᠦᠲᠦᠮᠵᠢᠲᠡᠶ  ᠵᠢᠷᠤᠮᠵᠢᠯ ᠢ ᠬᠥᠭᠡᠭᠡᠴᠢᠯᠳᠦᠨ᠎ᠡ
ᠨᠡᠶᠢᠲᠡᠯᠡᠭᠰᠡᠨ ᠴᠠᠭ᠄
2022/5/25
   ︽ᠰᠡᠳᠬᠢᠯ ᠲᠠᠯᠪᠢᠨ ᠦᠢᠯᠡᠴᠢᠯᠡᠵᠦ᠂ ᠠᠷᠠᠳ ᠤᠨ ᠬᠦᠴᠢᠷᠳᠡᠯ   ᠢ ᠰᠢᠢᠳᠪᠦᠷᠢᠯᠡᠨ᠎ᠡ ᡽ ᠨᠢᠭᠡ ᠯᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠨ᠎ᠡ᠂ ᠥᠨᠳᠥᠷ ᠪᠦᠲᠦᠮᠵᠢᠲᠡᠶ ᠪᠠᠷ ᠵᠢᠷᠤᠮᠵᠢᠭᠤᠯᠤᠨ᠎ᠠ︾᠂ ᠡᠨᠡᠬᠦ ᠦᠨᠡᠨ ᠪᠣᠳᠠᠲᠠᠢ ᠠᠮᠠᠯᠠᠯᠲᠠ ᠨᠢ ᠱᠢ ᠭᠤᠸᠠᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠪᠦᠬᠦ ᠠᠵᠢᠯᠲᠠᠳ   ᠠᠴᠠ ᠢᠷᠡᠯᠲᠡᠢ ᠶᠤᠮ᠃       2022 ᠣᠨ ᠳᠤ᠂ ᠱᠢ ᠭᠤᠸᠠᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠴᠣᠩᠬᠤᠪᠴᠢ︾ ᠶᠢᠨ ᠵᠠᠭᠪᠤᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠲᠦᠷᠭᠡᠳᠬᠡᠨ᠂ ᠭᠤᠣᠯᠳᠠᠯᠭ᠎ᠠ ᠲᠠᠢ ᠪᠠᠷ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠬᠦᠮ ᠦᠵᠡᠭᠦᠯᠬᠦ ᠬᠡᠮᠵᠢᠶ᠎ᠡ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠰᠢᠨ᠎ᠡ ᠵᠠᠭᠪᠤᠷ ᠢ ᠴᠢᠷᠮᠠᠶᠢᠨ ᠡᠭᠦᠳᠴᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠢᠨ ᠬᠦᠷᠲᠡᠮᠵᠢ ᠶᠢᠨ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃       ᠱᠢ ᠭᠤᠸᠠᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠨᠢ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠴᠣᠩᠬᠤ ᠪᠠᠷ ᠨᠢᠭᠡᠳᠦᠯᠲᠡᠢ ᠮᠠᠲ᠋ᠧᠷᠢᠶᠠᠯ ᠭᠠᠷᠭᠠᠬᠤ︾ ᠠᠵᠢᠯ ᠤᠨ ᠵᠠᠭᠪᠤᠷ ᠢ ᠬᠡᠷᠡᠭᠯᠡᠨ᠂ ᠪᠥᠬᠦ ᠣᠷᠣᠨ ᠤ 1371 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠶᠡᠭᠡ ᠲᠢᠩᠬᠢᠮ ᠳᠤ ᠣᠷᠣᠵᠤ ᠰᠠᠭᠤᠬᠤ ᠶᠢ ᠠᠬᠢᠭᠤᠯᠵᠤ᠂ ︽ᠨᠢᠭᠡ ᠴᠣᠩᠬᠤ ᠪᠠᠷ︾ ᠣᠷᠣᠵᠤ ᠰᠠᠭᠤᠬᠤ ᠨᠣᠷᠮ᠎ᠠ ᠶᠢ 91% ᠳᠤ ᠬᠦᠷᠦᠭᠦᠯᠵᠦ᠂ ᠨᠠᠩ ᠥᠨᠳᠥᠷ ᠬᠢᠷᠢ ᠲᠦᠪᠰᠢᠨ ᠲᠠᠢ ︽ᠣᠷᠣᠬᠤ ᠶᠣᠰᠣᠲᠠᠢ ᠶᠢ ᠨᠢ ᠵᠠᠪᠠᠯ ᠣᠷᠣᠭᠤᠯᠬᠤ︾ ᠶᠢ ᠪᠡᠶᠡᠯᠡᠭᠦᠯᠦᠨ᠂ ᠰᠦᠯᠵᠢᠶᠡᠨ ᠤ ᠭᠠᠳᠠᠨ᠎ᠠ ︽ᠨᠢᠭᠡ ᠯᠡ ᠡᠭᠦᠳᠡ ᠪᠠᠷ ᠣᠷᠣᠵᠤ᠂ ᠠᠯᠢᠪᠠ ᠶᠠᠪᠤᠳᠠᠯ ᠢ ᠪᠦᠲᠦᠭᠡᠵᠦ ᠳᠡᠶᠢᠯᠬᠦ᠂ ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠬᠦ︾ ᠶᠢ ᠲᠦᠯᠬᠢᠨ ᠠᠬᠢᠭᠤᠯᠪᠠ᠃ᠰᠤᠮᠤ᠂ ᠪᠠᠯᠭᠠᠰᠤ᠂ ᠵᠡᠭᠡᠯᠢ ᠭᠤᠳᠤᠮᠵᠢ ᠶᠢᠨ 504 ᠵᠦᠢᠯ ᠤᠨ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ︽ᠨᠢᠭᠡ ᠴᠣᠩᠬᠤᠪᠴᠢ ᠮᠠᠶ᠋ᠢᠭ︾ ᠤᠨ ᠣᠷᠣᠵᠤ ᠰᠠᠭᠤᠬᠤ ᠨᠣᠷᠮ᠎ᠠ ᠶᠢ 70%   ᠠᠴᠠ ᠳᠡᠭᠡᠭᠰᠢ ᠳᠤ ᠬᠦᠷᠦᠭᠦᠯᠵᠦ᠂ ︽ᠵᠥᠷᠢᠶ᠎ᠡ ᠦᠭᠡᠢ ᠪᠠᠷ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠦᠨ᠎ᠡ᠃ᠠᠵᠢᠯ ᠶᠠᠪᠤᠳᠠᠯ ᠡᠷᠬᠢᠯᠡᠬᠦ ᠴᠠᠭ ᠬᠤᠭᠤᠴᠠᠭ᠎ᠠ ᠶᠢ ᠲᠤᠶᠢᠯ ᠤᠨ ᠶᠡᠭᠡ ᠪᠠᠷ ᠪᠠᠭᠠᠰᠬᠠᠵᠤ᠂ ᠪᠦᠯᠦᠭᠯᠡᠯ ᠤᠨ ᠴᠢᠨᠠᠷᠲᠠᠢ᠂ ᠬᠠᠮᠵᠢᠯᠴᠠᠬᠤ ᠴᠢᠨᠠᠷᠲᠠᠢ᠂ ᠥᠨᠳᠥᠷ ᠪᠦᠲᠦᠮᠵᠢᠲᠡᠶ ᠦᠢᠯᠡᠴᠢᠯᠡᠭᠡ ᠶᠢ ᠪᠦᠲᠦᠮᠵᠢᠲᠡᠶ ᠪᠠᠷ ᠪᠡᠶᠡᠯᠡᠭᠦᠯᠦᠨ᠎ᠡ᠃         ︽ᠨᠢᠭᠡ ᠴᠣᠩᠬᠤᠨ ᠤ ᠮᠠᠶ᠋ᠢᠭ︾ ᠤᠨ ᠦᠢᠯᠡᠴᠢᠯᠡᠭᠡ ᠶᠢ ᠶᠠᠪᠤᠭᠤᠯᠤᠭᠰᠠᠨ ᠢᠶᠠᠷ ᠨᠢᠭᠡ ᠲᠠᠯ᠎ᠠ ᠪᠠᠷ ᠤᠯᠠᠨ ᠲᠦᠮᠡᠨ ᠤ ᠬᠦᠯᠢᠶᠡᠬᠦ ᠴᠠᠭ ᠢ ᠪᠠᠭᠠᠰᠬᠠᠵᠤ᠂ ᠨᠦᠬᠦᠭᠡ ᠲᠠᠯ᠎ᠠ ᠪᠠᠷ ᠪᠠᠰᠠ ᠴᠣᠩᠬᠤᠨ ᠤ ᠡᠬᠢ ᠪᠠᠶᠠᠯᠢᠭ ᠢ ᠲᠤᠶᠢᠯ ᠤᠨ ᠶᠡᠭᠡ ᠪᠠᠷ ᠠᠷᠪᠢᠯᠠᠵᠤ᠂ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ᠥᠩᠭᠡᠷᠡᠭᠰᠡᠨ ᠳᠤ ᠣᠯᠠᠨ ᠲᠦᠮᠡᠨ ᠤᠴᠢᠷ ᠶᠠᠪᠤᠳᠠᠯ   ᠢ ᠰᠢᠢᠳᠪᠦᠷᠢᠯᠡᠬᠦ ᠳᠤ ᠣᠯᠠᠨ ᠠᠯᠬᠤᠮ ᠳᠠᠷᠠᠭ᠎ᠠ   ᠶᠢ ᠬᠡᠷᠡᠭᠯᠡᠵᠦ᠂ ᠣᠯᠠᠨ ᠤᠳᠠᠭ᠎ᠠ ᠴᠣᠩᠬᠤ ᠪᠠᠷ ᠶᠠᠪᠤᠵᠤ ᠪᠠᠶᠢᠪᠠ᠂ ᠣᠲᠣ ᠠᠯᠬᠤᠮ ᠳᠠᠷᠠᠭ᠎ᠠ   ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠲᠤᠰᠢᠶᠠᠬᠤ ᠮᠠᠲ᠋ᠧᠷᠢᠶᠠᠯ ᠤᠨ ᠲᠤᠭ᠎ᠠ   ᠶᠢ ᠨᠢᠭᠡ ᠤᠳᠠᠭ᠎ᠠ ᠪᠣᠯᠭᠠᠵᠤ᠂ ᠲᠤᠰᠢᠶᠠᠬᠤ ᠴᠢᠬᠤᠯᠠᠲᠠᠢ ᠮᠠᠲ᠋ᠧᠷᠢᠶᠠᠯ   ᠢ 20%   ᠠᠴᠠ ᠳᠡᠭᠡᠭᠰᠢ ᠪᠠᠭᠠᠰᠬᠠᠪᠠ᠃︽ᠨᠢᠭᠡ ᠴᠣᠩᠬᠤᠪᠴᠢ ᠮᠠᠶ᠋ᠢᠭ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠵᠠᠰᠠᠭ ᠤᠨ ᠣᠷᠳᠣᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠴᠢᠬᠤᠯᠠ  ᠡᠷᠢᠯᠳᠡ  ᠮᠦᠨ᠃        ᠲᠠᠷᠠᠭᠠᠴᠢ ᠶᠢᠨ ᠠᠯᠬᠤᠮ ᠳᠤ᠂ ᠱᠢ ᠭᠤᠸᠠᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠠᠵᠤ ᠠᠬᠤᠶᠢᠯᠠᠯ ᠤᠨ ᠣᠯᠠᠨ ᠲᠦᠮᠡᠨ ᠤ ᠥᠨᠳᠥᠷ ᠳᠠᠪᠲᠠᠮᠵᠢ ᠶᠢ ᠦᠨᠳᠦᠰᠦᠯᠡᠨ᠂ ᠴᠣᠩᠬᠤᠨ ᠤ ᠪᠠᠶᠢᠷᠢᠯᠠᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠲᠣᠬᠢᠷᠠᠭᠤᠯᠵᠤ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︿ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ﹀ ᠶᠢ ᠪᠡᠶᠡᠯᠡᠭᠦᠯᠵᠦ᠂ ︽ᠬᠢᠨᠠᠨ ᠵᠥᠪᠰᠢᠶᠡᠷᠡᠬᠦ ᠵᠦᠢᠯᠡᠰ ᠴᠥᠭᠡᠨ᠂ ᠠᠵᠢᠯ ᠤᠨ ᠦᠷ᠎ᠡ ᠪᠦᠲᠦᠮᠵᠢ ᠥᠨᠳᠥᠷ᠂ ᠦᠢᠯᠡᠴᠢᠯᠡᠭᠡᠨ ᠤ ᠶᠠᠰᠤ ᠴᠢᠨᠠᠷ ᠰᠢᠯᠢᠳᠡᠭ︾ ᠡᠵᠡᠩᠨᠡᠯᠲᠡ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃
 
ᠢᠷᠡᠯᠲᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号