ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠᠷᠢᠯᠭ᠎ᠠ ᠶᠢᠨ ᠲᠥᠷᠥᠯ ᠵᠦᠢᠯ ᠤᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠥᠭᠭᠦᠭᠰᠡᠨ ᠪᠠᠶᠢᠳᠠᠯ  ᠢ  ᠪᠠᠶᠢᠴᠠᠭᠠᠪᠠ
ᠨᠡᠶᠢᠲᠡᠯᠡᠭᠰᠡᠨ ᠴᠠᠭ᠄
2022/5/25
        5 ᠰᠠᠷ᠎ᠠ ᠶᠢᠨ 17 ᠤ ᠡᠳᠦᠷ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠠᠷᠢᠶᠠᠲᠤ ᠣᠷᠣᠨ ᠤ ᠪᠠᠨ ᠹᠦ᠋ ᠯᠢ ᠱᠠᠨ ᠤ ᠲᠥᠷᠥᠯ ᠵᠦᠢᠯ ᠤᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠭᠦᠭᠰᠡᠨ ᠪᠠᠶᠢᠳᠠᠯ ᠳᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠪᠡ᠃        ᠲᠣᠰ ᠤᠳᠠᠭᠠᠨ ᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢ ᠪᠠᠷᠢᠯᠭ᠎ᠠ ᠶᠢᠨ ᠵᠦᠢᠯᠡᠰ ᠤᠨ ᠪᠠᠷᠢᠯᠭ᠎ᠠ ᠪᠠᠷᠢᠬᠤ ᠨᠢᠭᠡᠴᠡ ᠪᠠ ᠬᠤᠪᠢᠶᠠᠨ ᠳᠠᠭᠠᠭᠠᠴᠢᠯᠠᠭᠰᠠᠨ ᠨᠢᠭᠡᠴᠡ ᠶᠢᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠡᠬᠡ ᠲᠠᠩᠰᠠ ᠶᠢ ᠪᠠᠶᠢᠴᠠᠭᠠᠨ ᠦᠵᠡᠬᠦ᠂ ᠪᠠᠷᠢᠯᠭ᠎ᠠ ᠶᠢᠨ ᠲᠤᠬᠠᠢ ᠶᠢᠨ ᠲᠠᠯᠠᠪᠤᠷ ᠤᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃       ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠡᠪᠡᠳᠴᠢᠨ ᠳᠤᠨᠢ ᠲᠣᠬᠢᠷᠠᠭᠤᠯᠤᠨ ᠡᠮ ᠥᠭᠪᠡ᠃ᠨᠢᠭᠡ ᠳᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠴᠠᠭᠤᠯᠤᠨ ᠲᠥᠷᠥᠯ ᠵᠦᠢᠯ ᠤᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠴᠦ ᠪᠠᠶᠢᠭ᠎ᠠ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ᠬᠤᠶᠠᠷ ᠲᠤ᠂ ᠪᠠᠷᠢᠯᠭ᠎ᠠ ᠶᠢᠨ ᠨᠢᠭᠡᠴᠡ ᠶᠢ ᠵᠠᠷᠯᠢᠭᠳᠠᠵᠤ ᠪᠠᠶᠢᠭᠠᠳ ᠨᠠᠷᠢᠨ ᠬᠢᠨᠠᠮᠠᠭᠠᠢ ᠬᠢᠨᠠᠨ ᠬᠠᠷᠭᠤᠭᠤᠯᠬᠤ ᠶᠢᠨ ᠬᠠᠮᠲᠤ ᠴᠠᠭ ᠲᠤᠬᠠᠢ ᠳᠤᠨᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠣᠯᠭᠤᠨ᠎ᠠ︔ᠭᠤᠷᠪᠠ ᠳᠤ ᠴᠠᠯᠢᠩ ᠥᠷᠢᠲᠦᠬᠦ ᠪᠠᠶᠢᠳᠠᠯ ᠣᠷᠣᠰᠢᠵᠤ ᠪᠠᠶᠢᠭ᠎ᠠ ᠦᠢᠯᠡ ᠠᠵᠢᠯᠯᠠᠭ᠎ᠠ ᠳᠤ ᠲᠤᠬᠠᠢ ᠶᠢᠨ ᠲᠠᠯᠠᠪᠤᠷ ᠠᠴᠠ ᠭᠡᠷᠡᠴᠢ ᠠᠪᠴᠤ᠂ ᠤᠯᠠᠮ ᠨᠢᠭᠡ ᠠᠯᠬᠤᠮ ᠪᠠᠶᠢᠴᠠᠭᠠᠨ ᠰᠢᠢᠳᠪᠦᠷᠢᠯᠡᠬᠦ ᠳᠤ ᠳᠦᠭᠦᠮ ᠪᠣᠯᠭᠠᠨ᠎ᠠ᠃

       ᠲᠤᠬᠠᠢ ᠶᠢᠨ ᠲᠠᠯᠠᠪᠠᠶ ᠶᠢᠨ ᠪᠠᠶᠢᠴᠠᠭᠠᠯᠲᠠ ᠪᠠᠷ ᠳᠡᠮᠵᠢᠨ᠂ ᠪᠦᠲᠦᠭᠡᠨ ᠪᠠᠶᠢᠭᠤᠯᠤᠯᠲᠠ ᠶᠢᠨ ᠨᠢᠭᠡᠴᠡ

ᠪᠣᠯᠣᠨ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠡ ᠪᠠᠷ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ

ᠥᠭᠬᠦ ᠠᠰᠠᠭᠤᠳᠠᠯ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠲᠣᠰ ᠲᠣᠰ ᠤᠨ ᠭᠤᠣᠯ ᠴᠣᠭᠴᠠ ᠶᠢᠨ

ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠦᠯᠬᠦ ᠬᠡᠷᠡᠭᠲᠡᠢ᠃ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠭᠰᠡᠨ

ᠦᠭᠡᠢ᠂ ᠮᠠᠭᠤ ᠰᠠᠨᠠᠭ᠎ᠠ ᠲᠠᠢ ᠪᠠᠷ ᠴᠠᠯᠢᠩ ᠥᠷᠢᠲᠦᠬᠦ ᠴᠢᠨᠠᠭᠰᠢᠯᠠᠪᠠᠯ ᠬᠦᠨᠳᠦ ᠨᠣᠴᠢᠲᠠᠢ ᠨᠡᠶᠢᠭᠡᠮ ᠤᠨ ᠨᠥᠯᠥᠭᠡ

ᠭᠠᠷᠭᠠᠭᠰᠠᠨ ᠲᠥᠷᠥᠯ ᠵᠦᠢᠯ ᠤᠨ ᠨᠢᠭᠡᠴᠡ ᠳᠤ ᠣᠯᠠᠨ ᠰᠠᠯᠠᠭ᠎ᠠ ᠮᠥᠴᠢᠷ ᠲᠠᠢ ᠬᠤᠯᠪᠤᠭᠠᠯᠠᠨ ᠴᠣᠬᠢᠯᠲᠠ ᠥᠭᠭᠦᠨ᠎ᠡ︕

 
ᠢᠷᠡᠯᠲᠡ᠄ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号