SYB ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠬᠢᠴᠢᠶᠡᠯ ᠪᠣᠯ ᠵᠢᠵᠢᠭ ᠪᠢᠴᠢᠯ ᠠᠵᠤ ᠠᠬᠤᠶᠢᠯᠠᠯ ᠢ | ᠡᠭᠦᠳᠦᠨ ᠪᠠᠶᠢᠭᠤᠯᠬᠤ ᠰᠠᠨᠠᠭ᠎ᠠ ᠲᠠᠢ ᠬᠥᠮᠥᠰ ᠪᠠ ᠵᠢᠵᠢᠭ ᠠᠵᠤ ᠠᠬᠤᠶᠢᠯᠠᠯ ᠤᠨ ᠡᠵᠡᠩᠨᠡᠨ ᠬᠠᠮᠢᠶᠠᠷᠤᠭᠴᠢᠳ ᠲᠤ | ᠠᠵᠤ ᠠᠬᠤᠶᠢᠯᠠᠯ ᠢ ᠡᠭᠦᠳᠦᠨ ᠪᠠᠶᠢᠭᠤᠯᠬᠤ ᠴᠢᠳᠠᠪᠤᠷᠢ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠬᠡᠪ ᠴᠢᠨᠠᠷ ᠵᠡᠷᠭᠡ | ᠲᠠᠯ᠎ᠠ ᠶᠢᠨ ᠪᠣᠯᠪᠠᠰᠤᠷᠠᠯ ᠬᠢᠬᠦ ᠶᠢ ᠬᠡᠯᠡᠨ᠎ᠡ᠃ ᠥᠪᠡᠷ ᠤᠨ ᠵᠢᠵᠢᠭ ᠪᠢᠴᠢᠯ ᠠᠵᠤ ᠠᠬᠤᠶᠢᠯᠠᠯ ᠢᠶᠠᠨ ᠡᠷᠭᠢᠯᠡᠬᠦ | ᠬᠦᠰᠡᠯ ᠲᠠᠢ ᠣᠯᠠᠨ ᠲᠦᠮᠡᠨ ᠤ ᠪᠡᠶ᠎ᠡ ᠳᠤᠨᠢ ᠲᠣᠬᠢᠷᠠᠭᠤᠯᠤᠨ ᠲᠣᠭᠲᠠᠭᠠᠭᠰᠠᠨ ᠪᠣᠯᠪᠠᠰᠤᠷᠠᠯ ᠤᠨ ᠲᠥᠷᠥᠯ ᠵᠦᠢᠯ ᠢ | ᠪᠠᠶᠢᠭᠤᠯᠬᠤ ᠶᠢᠨ ᠲᠥᠯᠥᠭᠡ᠂ ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠭᠴᠢ ᠶᠢ ᠬᠥᠮᠥᠵᠢᠭᠦᠯᠬᠦ ᠳᠤ | ᠴᠢᠭᠯᠡᠭᠦᠯᠦᠨ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠬᠡᠰᠡᠭ ᠠᠵᠢᠯ ᠠᠯᠳᠠᠭᠰᠠᠳ ᠢ | ᠵᠢᠵᠢᠭ ᠵᠠᠩᠭᠤᠶᠢᠳᠠ ᠪᠣᠯᠭᠠᠵᠤ᠂ ᠰᠢᠨ᠎ᠡ ᠠᠵᠤ ᠠᠬᠤᠶᠢᠯᠠᠯ ᠪᠤᠶᠤ ᠪᠣᠳᠠᠲᠤ ᠴᠣᠭᠴᠠ ᠪᠠᠶᠢᠭᠤᠯᠵᠤ᠂ ᠠᠳᠠᠯ ᠦᠢᠯᠡᠰ | ᠴᠣᠭᠴᠠᠯᠠᠭᠴᠢ ᠶᠢᠨ ᠲᠤᠰ ᠪᠡᠶ᠎ᠡ ᠶᠢᠨ ᠠᠵᠢᠯ ᠣᠯᠬᠤ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ᠨᠡᠶᠢᠭᠡᠮ ᠳᠤ ᠪᠠᠰᠠ | ᠨᠢᠭᠡ ᠪᠦᠯᠦᠭ ᠠᠵᠢᠯ ᠣᠯᠭᠤᠬᠤ ᠠᠵᠢᠯ ᠤᠨ ᠪᠠᠶᠢᠷᠢ ᠶᠢ ᠡᠭᠦᠳᠦᠨ ᠥᠭᠴᠦ᠂ ᠨᠡᠩ ᠤᠯᠠᠨ ᠠᠵᠢᠯ ᠠᠯᠳᠠᠭᠰᠠᠳ ᠢ | ᠬᠠᠪᠰᠤᠷᠤᠨ ᠠᠵᠢᠯ ᠣᠯᠭᠤᠵᠤ᠂ ᠪᠣᠯᠪᠠᠰᠤᠷᠠᠭᠤᠯᠤᠯ ᠢᠶᠠᠷ ᠠᠵᠢᠯ ᠣᠯᠭᠤᠯᠲᠠ ᠶᠢ ᠠᠬᠢᠭᠤᠯᠬᠤ᠂ ᠠᠳᠠᠯ ᠦᠢᠯᠡᠰ | ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ | ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ | ᠰᠢᠭᠤᠶᠢᠲᠤ ᠲᠣᠭᠤᠷᠢᠭ ᠤᠨ ᠦᠢᠯᠡᠰ ᠪᠣᠰᠬᠠᠬᠤ ᠬᠦᠰᠡᠯ ᠵᠡᠭᠦᠳᠦ ᠲᠠᠢ ᠦᠢᠯᠡᠰ ᠪᠣᠰᠬᠠᠭᠴᠢᠳ ᠤᠨ ᠬᠦᠰᠡᠯ | ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ | ᠪᠠᠶᠢᠩᠭᠤᠵᠢᠭᠤᠯᠤᠭᠰᠠᠨ ᠪᠠᠶᠢᠳᠠᠯ ᠳᠣᠣᠷ᠎ᠠ᠂ ᠮᠠᠨ ᠤ ᠲᠣᠪᠴᠢᠶᠠᠨ ᠤ ᠠᠵᠢᠯ ᠣᠯᠭᠤᠯᠲᠠ ᠶᠢᠨ ᠰᠠᠯᠠᠭ᠎ᠠ ᠮᠥᠴᠢᠷ | ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠠ ᠳ᠋ᠠ ᠹᠠ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠳᠣᠣᠷ᠎ᠠ᠂ ᠪᠣᠯᠪᠠᠰᠤᠷᠠᠯ ᠤᠨ | ᠲᠠᠯᠠᠪᠤᠷ ᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ 5 ᠰᠠᠷ᠎ᠠ ᠶᠢᠨ 12 ᠤᠨ ᠡᠳᠦᠷ ᠰᠢᠭᠤᠶᠢᠲᠤ | ᠲᠣᠭᠤᠷᠢᠭ ᠤᠨ ᠳ᠋ᠠ ᠹᠠ ᠵᠡᠭᠡᠯᠢ ᠭᠤᠳᠤᠮᠵᠢ ᠶᠢᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ | ᠬᠤᠶᠠᠳᠤᠭᠠᠷ ᠳᠠᠪᠬᠤᠷᠯᠢᠭ ᠤᠨ ᠪᠣᠯᠪᠠᠰᠤᠷᠠᠯ ᠤᠨ ᠲᠠᠰᠤᠭ ᠲᠤ ᠰᠢᠭᠤᠶᠢᠲᠤ ᠲᠣᠭᠤᠷᠢᠭ ᠤᠨ ᠬᠤᠲᠠ ᠬᠥᠳᠡᠭᠡ ᠶᠢᠨ | ᠬᠥᠳᠡᠯᠮᠦᠷᠢ ᠬᠦᠴᠦᠨ ᠤ SYB ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠠᠩᠭᠢ ᠶᠢ ᠡᠷᠬᠢᠯᠡᠪᠡ᠃ | | | | | ᠪᠣᠯᠪᠠᠰᠤᠷᠠᠭᠤᠯᠤᠯ ᠤᠨ ᠲᠣᠬᠢᠷᠠᠭᠤᠯᠤᠯᠲᠠ ᠶᠢ ᠦᠨᠳᠦᠰᠦᠯᠡᠪᠡᠯ᠂ ᠲᠣᠰ ᠤᠳᠠᠭᠠᠨ ᠤ SYB ᠠᠳᠠᠯ | ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠬᠤᠭᠤᠴᠠᠭ᠎ᠠ ᠨᠢ 8 ᠡᠳᠦᠷ ᠪᠠᠶᠢᠵᠤ᠂ ᠨᠡᠶᠢᠲᠡ 80 ᠬᠢᠴᠢᠶᠡᠯ ᠤᠨ | ᠴᠠᠭ ᠲᠣᠬᠢᠷᠠᠭᠤᠯᠵᠤ᠂ 23 ᠰᠣᠷᠣᠭᠴᠢ ᠶᠢ ᠪᠣᠯᠪᠠᠰᠤᠷᠠᠭᠤᠯᠤᠨ᠎ᠠ᠂ ᠬᠢᠴᠢᠶᠡᠯ ᠤᠨ ᠲᠣᠬᠢᠷᠠᠭᠤᠯᠤᠯᠲᠠ ᠶᠢ ᠠᠳᠠᠯ | ᠦᠢᠯᠡᠰ ᠴᠣᠭᠴᠠᠯᠠᠬᠤ ᠦᠵᠡᠯ ᠤᠬᠠᠮᠰᠠᠷ ᠤᠨ ᠪᠣᠯᠪᠠᠰᠤᠷᠠᠭᠤᠯᠤᠯ ᠪᠠ ᠠᠳᠠᠯ ᠦᠢᠯᠡᠰ ᠴᠣᠭᠴᠠᠯᠠᠬᠤ | ᠲᠥᠯᠥᠪᠯᠡᠭᠡ ᠶᠢᠨ ᠪᠣᠯᠪᠠᠰᠤᠷᠠᠭᠤᠯᠤᠯ ᠭᠡᠵᠦ ᠬᠤᠶᠠᠷ ᠬᠡᠰᠡᠭ ᠬᠤᠪᠢᠶᠠᠨ᠎ᠠ᠃ᠡᠭᠦᠨ ᠳᠤ ᠵᠢᠵᠢᠭ ᠠᠵᠤ ᠠᠬᠤᠶᠢᠯᠠᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠲᠤᠨᠢ ᠵᠢᠭᠠᠨ ᠰᠤᠷᠭᠠᠵᠤ᠂ | ᠰᠤᠷᠤᠭᠴᠢᠳ ᠢ ᠰᠣᠷᠣᠭᠰᠠᠨ ᠮᠡᠳᠡᠯᠭᠡ ᠪᠠᠷ ᠢᠶᠠᠨ ᠪᠣᠳᠠᠲᠠᠢ ᠠᠰᠠᠭᠤᠳᠠᠯ ᠳᠤ ᠬᠠᠨᠳᠤᠭᠤᠯᠤᠨ᠎ᠠ᠃ᠡᠭᠦᠨ ᠤ ᠬᠠᠮᠲᠤ | ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠᠷ ᠳᠡᠮᠵᠢᠨ᠂ ᠪᠣᠯᠪᠠᠰᠤᠷᠠᠯ ᠳᠤ ᠣᠷᠣᠯᠴᠠᠭᠰᠠᠨ | ᠰᠤᠷᠤᠭᠴᠢᠳ ᠲᠤ ᠨᠡᠯᠢᠶᠡᠳ ᠯᠠᠪᠳᠠᠭᠤᠨ ᠪᠠᠲᠤᠲᠠᠢ ᠮᠡᠷᠭᠡᠵᠢᠯ ᠴᠢᠳᠠᠪᠤᠷᠢ ᠶᠢᠨ ᠮᠡᠳᠡᠯᠭᠡ ᠡᠵᠡᠮᠰᠢᠭᠦᠯᠵᠦ᠂ ᠪᠠᠰᠠ | ᠠᠵᠢᠯ ᠣᠯᠬᠤ᠂ ᠠᠳᠠᠯ ᠦᠢᠯᠡᠰ ᠴᠣᠭᠴᠠᠯᠠᠬᠤ ᠥᠷᠢᠰᠦᠯᠳᠦᠭᠡᠨ ᠤ ᠴᠢᠳᠠᠪᠤᠷᠢ ᠶᠢ ᠶᠡᠭᠡ ᠪᠠᠷ ᠨᠡᠮᠡᠭᠳᠡᠭᠦᠯᠵᠡᠢ᠃ | ᠬᠢᠴᠢᠶᠡᠯ ᠤᠨ ᠳᠠᠷᠠᠭ᠎ᠠ᠂ ᠪᠠᠭᠰᠢ ᠶᠢᠨ ᠵᠢᠯᠣᠭᠤᠳᠤᠯᠭ᠎ᠠ ᠳᠣᠣᠷ᠎ᠠ ᠵᠢᠴᠢ ᠪᠤᠰᠤᠳ ᠰᠣᠷᠣᠭᠴᠢ ᠲᠠᠢ | ᠬᠠᠷᠢᠯᠴᠠᠬᠤ ᠳᠠᠭᠠᠨ ᠮᠠᠰᠢ ᠣᠯᠠᠨ ᠠᠰᠢᠭ ᠬᠦᠷᠲᠡᠵᠦ᠂ ᠲᠣᠰ ᠤᠳᠠᠭᠠᠨ ᠤ ᠪᠣᠯᠪᠠᠰᠤᠷᠠᠭᠤᠯᠤᠯ ᠢ ᠮᠠᠭᠲᠠᠨ | ᠰᠠᠶᠢᠰᠢᠶᠠᠭᠰᠠᠨ ᠪᠥᠭᠡᠳ ᠳᠠᠷᠠᠭ᠎ᠠ ᠤᠳᠠᠭ᠎ᠠ ᠵᠠᠪᠰᠢᠶᠠᠨ ᠲᠠᠢ ᠪᠣᠯ ᠦᠷᠭᠦᠯᠵᠢᠯᠡᠨ ᠢᠷᠡᠵᠦ ᠪᠣᠯᠪᠠᠰᠤᠷᠠᠭᠤᠯᠤᠯ ᠳᠤ | ᠣᠷᠤᠯᠴᠠᠬᠤ ᠶᠢ ᠬᠦᠰᠡᠵᠦ ᠪᠠᠶᠢᠨ᠎ᠠ ᠭᠡᠵᠦ ᠮᠠᠰᠢ ᠣᠯᠠᠨ ᠰᠣᠷᠣᠭᠴᠢ ᠢᠯᠡᠷᠬᠡᠶᠢᠯᠡᠵᠡᠢ᠃ | | |