ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ‍ᠦᠨ‌ᠬᠠᠤᠯᠢ ᠲᠣᠭᠲᠠᠭᠠᠯ  ᠠᠴᠠ ᠵᠥᠷᠢᠴᠡᠭᠰᠡᠨ ᠠᠰᠠᠭᠤᠳᠠᠯ  ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ
ᠨᠡᠶᠢᠲᠡᠯᠡᠭᠰᠡᠨ ᠴᠠᠭ᠄
2022/5/25
        ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠢᠯᠯᠠᠭ᠎ᠠ ᠪᠠ ᠬᠥᠮᠥᠨ ᠬᠡᠷᠡᠭᠯᠡᠬᠦ ᠨᠢᠭᠡᠴᠡ ᠶᠢᠨ ᠠᠵᠢᠯᠴᠢᠨ ᠡᠯᠰᠡᠨ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠡᠯ᠎ᠡ ᠲᠥᠷᠥᠯ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ   ᠠᠴᠠ ᠵᠥᠷᠢᠴᠡᠭᠰᠡᠨ ᠦᠵᠡᠭᠳᠡᠯ ᠢ ᠴᠡᠭᠴᠡᠯᠡᠨ ᠵᠠᠰᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠂ ᠡᠶ᠎ᠡ ᠵᠣᠬᠢᠴᠠᠯ ᠲᠠᠢ ᠲᠣᠭᠲᠠᠭᠤᠨ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠪᠥᠬᠦ ᠬᠤᠲᠠ ᠶᠢᠨ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠨ᠎ᠠ‌ᠣᠶᠢᠷ᠎ᠠ ᠳᠤ᠂ ᠱᠢ ᠭᠤᠸᠠᠢ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠶᠡᠭᠡ ᠠᠩᠭᠢ ᠬᠢᠭᠡᠳ ᠠᠵᠢᠯᠲᠠᠨ ᠤ ᠶᠠᠪᠤᠳᠠᠯ ᠤᠨ ᠲᠠᠰᠤᠭ ᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠬᠠᠷᠢᠶ᠎ᠠ ᠣᠷᠣᠨ ᠤ ᠪᠠᠨ ᠬᠥᠳᠡᠯᠮᠦᠷᠢ ᠦᠢᠯᠡᠴᠢᠯᠡᠭᠡ ᠲᠣᠮᠢᠯᠠᠬᠤ ᠪᠠᠶᠢᠭᠤᠯᠤᠮᠵᠢ ᠳᠤ ᠬᠦᠷᠴᠦ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ   ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠪᠠ᠃        ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾ ︽ᠬᠥᠳᠡᠯᠮᠦᠷᠢ ᠦᠢᠯᠡᠴᠢᠯᠡᠭᠡ ᠲᠣᠮᠢᠯᠠᠬᠤ ᠲᠦᠷ ᠬᠡᠷᠡᠭᠵᠢᠭᠦᠯᠬᠦ ᠲᠣᠭᠲᠠᠭᠠᠯ︾ ︽ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠪᠠᠷᠢᠮᠵᠢᠶ᠎ᠠ ᠪᠣᠯᠭᠠᠨ ᠵᠢᠷᠤᠮᠯᠠᠬᠤ ᠶᠢ ᠪᠠᠷᠢᠮᠲᠠᠯᠠᠵᠤ᠂ ︽ᠪᠤᠭᠤᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢᠶᠠᠷ ᠠᠵᠢᠯᠯᠠᠭᠠᠨ ᠤ ᠵᠦᠭᠯᠡᠭᠦᠷ ᠪᠣᠯᠭᠠᠬᠤ ᠶᠢ ᠪᠠᠷᠢᠮᠲᠠᠯᠠᠵᠤ᠂ ᠪᠠᠶᠢᠭᠤᠯᠤᠮᠵᠢ ᠶᠢᠨ ᠬᠢᠷᠢ ᠬᠡᠮ ᠤᠨ ᠪᠠᠶᠢᠳᠠᠯ᠂ ᠢᠯᠡ ᠨᠡᠶᠢᠲᠡᠯᠡᠭᠰᠡᠨ ᠪᠠᠶᠢᠳᠠᠯ᠂ ᠳᠣᠲᠣᠭᠠᠳᠤ ᠶᠢᠨ ᠳᠦᠷᠢᠮ ᠤᠨ ᠪᠠᠶᠢᠭᠤᠯᠤᠯᠲᠠ ᠶᠢᠨ ᠪᠠᠶᠢᠳᠠᠯ᠂ ᠠᠵᠢᠯ ᠡᠷᠬᠢᠯᠡᠭᠰᠡᠳ ᠤᠨ ᠪᠠᠶᠢᠳᠠᠯ᠂ ᠡᠵᠡᠩᠨᠡᠯᠲᠡ ᠶᠢᠨ ᠬᠤᠪᠢᠷᠠᠯᠲᠠ ᠶᠢᠨ ᠪᠠᠶᠢᠳᠠᠯ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠢᠯᠯᠠᠭ᠎ᠠ ᠶᠢᠨ ᠪᠠᠶᠢᠳᠠᠯ ᠪᠣᠯᠣᠨ ᠬᠠᠤᠯᠢ ᠲᠣᠭᠲᠠᠭᠠᠯ   ᠠᠴᠠ ᠵᠥᠷᠢᠴᠡᠭᠰᠡᠨ ᠪᠤᠰᠤᠳ ᠦᠶᠯᠡ ᠠᠵᠢᠯᠯᠠᠭ᠎ᠠ ᠵᠡᠷᠭᠡ ᠲᠠᠯ᠎ᠠ ᠳᠤ ᠴᠢᠭᠯᠡᠭᠦᠯᠦᠨ ᠪᠠᠶᠢᠴᠠᠭᠠᠯᠲᠠ ᠬᠢᠵᠦ᠂ ᠨᠡᠶᠢᠲᠡ 1 ᠵᠦᠢᠯ ᠤᠨ ᠠᠰᠠᠭᠤᠳᠠᠯ ᠢ ᠢᠯᠡᠷᠡᠭᠦᠯᠵᠦ᠂ ᠲᠣᠰ ᠪᠠᠶᠢᠭᠤᠯᠤᠮᠵᠢ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠲᠤᠬᠠᠢ ᠶᠢᠨ ᠲᠠᠯᠠᠪᠤᠷ ᠲᠤᠨᠢ ᠰᠢᠮᠳᠠᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃

       ᠳᠠᠷᠠᠭ᠎ᠠ ᠠᠯᠬᠤᠮ ᠳᠤ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ

ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠤᠰ ᠤᠳᠠᠭᠠᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠪᠠᠷ ᠠᠵᠠ

ᠲᠣᠬᠢᠶᠠᠯ ᠪᠣᠯᠭᠠᠵᠤ᠂ ᠲᠤᠰᠬᠠᠢ ᠵᠦᠢᠯ ᠢᠶᠠᠷ ᠵᠠᠰᠠᠬᠤ ᠪᠠ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ

ᠵᠠᠰᠠᠬᠤ ᠶᠢ ᠦᠨᠡᠨᠬᠦ ᠤᠶᠠᠯᠳᠤᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂

ᠲᠥᠪ ᠭᠤᠥᠯᠴᠢ᠂ ᠵᠢᠷᠤᠮᠵᠢᠯ ᠲᠠᠢ᠂ ᠥᠷᠢᠰᠦᠯᠳᠦᠭᠡᠨ ᠲᠠᠢ ᠡᠮᠬᠢ ᠵᠢᠷᠤᠮ ᠲᠠᠢ ᠬᠥᠮᠥᠨ ᠤ ᠬᠦᠴᠦᠨ ᠤ ᠡᠬᠢ

ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠦᠢ

ᠵᠣᠬᠢᠰᠲᠠᠢ ᠡᠮᠬᠢ ᠵᠢᠷᠤᠮ ᠲᠠᠢ ᠰᠢᠯᠵᠢᠬᠦ ᠶᠢ ᠠᠬᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ

ᠳᠡᠯᠭᠡᠭᠦᠷ ᠤᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠪᠥᠬᠦ ᠬᠤᠲᠠ ᠶᠢᠨ ᠬᠥᠮᠥᠨ ᠤ

ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠴᠢᠨᠠᠷ ᠰᠠᠶᠢᠲᠠᠢ ᠪᠠᠷ ᠬᠥᠭᠵᠢᠭᠦᠯᠦᠨ᠎ᠡ᠃

 
ᠢᠷᠡᠯᠲᠡ᠄ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号