ᠰᠢᠭᠤᠶᠢᠲᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠴᠢᠬᠤᠯᠠ ᠶᠡᠭᠡ ᠲᠥᠷᠥᠯ ᠵᠦᠢᠯ᠂ ᠭᠤᠣᠯᠳᠠᠯᠭ᠎ᠠ ᠲᠠᠢ ᠬᠦᠷᠢᠶᠡᠨ ᠳᠠᠬᠢ ᠰᠤᠷᠤᠯᠴᠠᠯᠭ᠎ᠠ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/25
       5 ᠰᠠᠷ᠎ᠠ ᠶᠢᠨ 12 ᠤᠨ ᠡᠳᠦᠷ᠂ ᠰᠢᠭᠤᠶᠢᠲᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠡᠭᠦᠷ ᠦ᠋ ᠳ᠋ᠠᠩ ᠵᠣᠣ ᠶᠢᠨ ᠠᠶᠠᠯᠠᠯ ᠨᠡᠪᠲᠡᠷᠡᠬᠦ ᠨᠢᠰᠬᠡᠯ ᠤᠨ ᠪᠠᠭᠤᠳᠠᠯ ᠳᠤ ᠬᠦᠷᠴᠦ᠂ ᠴᠢᠬᠤᠯᠠ ᠶᠡᠭᠡ ᠲᠥᠷᠥᠯ ᠵᠦᠢᠯ᠂ ᠭᠤᠣᠯᠳᠠᠯᠭ᠎ᠠ ᠲᠠᠢ ᠬᠦᠷᠢᠶᠡᠨ ᠳᠠᠬᠢ ᠰᠤᠷᠤᠯᠴᠠᠵᠤ ᠲᠣᠭᠤᠷᠢᠨ ᠦᠵᠡᠬᠦ ᠠᠵᠢᠯᠯᠠᠭ᠎ᠠ ᠶᠢ ᠥᠷᠨᠢᠭᠦᠯᠵᠦ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠬᠥᠭᠵᠢᠯᠲᠡ ᠶᠢ ᠠᠬᠢᠭᠤᠯᠪᠠ᠃      ᠲᠤᠬᠠᠢ ᠶᠢᠨ ᠲᠠᠯᠠᠪᠠᠢ ᠳᠤ᠂ ᠺᠠᠳ᠋ᠷ ᠠᠵᠢᠯᠲᠠᠨ ᠠᠵᠢᠯᠴᠢᠨ ᠤ ᠣᠷᠣᠢ ᠶᠢᠨ ᠳᠠᠪᠬᠤᠷᠭ᠎ᠠ ᠶᠢᠨ ᠰᠤᠪᠤᠷᠭ᠎ᠠ ᠶᠢᠨ ᠲᠠᠪᠴᠠᠩ ᠳᠤ ᠭᠠᠷᠴᠤ᠂ ᠨᠢᠰᠬᠡᠯ ᠤᠨ ᠪᠠᠭᠤᠳᠠᠯ ᠤᠨ ᠪᠦᠬᠦ ᠪᠠᠶᠢᠳᠠᠯ ᠢ ᠬᠠᠷᠠᠬᠤ ᠶᠢᠨ ᠬᠠᠮᠲᠤ ᠠᠵᠢᠯᠲᠠᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠪᠣᠯᠣᠨ ᠬᠥᠭᠵᠢᠯᠲᠡ ᠶᠢᠨ ᠢᠷᠡᠭᠡᠳᠦᠢ ᠶᠢᠨ ᠲᠤᠬᠠᠢ ᠲᠠᠨᠢᠯᠴᠠᠭᠤᠯᠬᠤ ᠶᠢ ᠰᠣᠨᠣᠰᠴᠠᠢ᠃ᠦ᠋ ᠳ᠋ᠠᠩ ᠵᠣᠣ ᠨᠢᠰᠬᠡᠯ ᠤᠨ ᠪᠠᠭᠤᠳᠠᠯ 2021 ᠣᠨ ᠤ 6 ᠰᠠᠷ᠎ᠠ ᠶᠢᠨ 23 ᠤ ᠡᠳᠦᠷ ︽ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠡᠷᠡᠭᠯᠡᠬᠦ ᠵᠥᠪᠰᠢᠶᠡᠷᠡᠯ ᠤᠨ ᠦᠨᠡᠮᠯᠡᠯ︾ ᠢ ᠣᠯᠵᠠᠢ᠂ ᠡᠨᠡ ᠪᠣᠯ ᠥᠪᠥᠷ ᠮᠣᠩᠭᠤᠯ ᠤᠨ ᠭᠡᠷᠡᠴᠢ ᠠᠪᠬᠤ A1 ᠲᠥᠷᠥᠯ ᠤᠨ 9 ᠳ᠋ᠦᠭᠡᠷ ᠲᠥᠷᠥᠯ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠵᠦᠢᠯ ᠪᠣᠯᠣᠨ᠎ᠠ᠃

     ᠲᠣᠭᠤᠷᠢᠨ ᠦᠵᠡᠬᠦ ᠪᠠᠷ ᠳᠠᠮᠵᠢᠭᠠᠳ᠂ ᠣᠯᠠᠨ ᠢᠶᠠᠷ ᠢᠶᠠᠨ ᠭᠠᠵᠠᠷ ᠣᠷᠣᠨ ᠤ ᠲᠣᠮᠣ ᠲᠥᠷᠥᠯ ᠵᠦᠢᠯ ᠨᠢ

ᠶᠡᠭᠡ ᠬᠤᠪᠢᠷᠠᠯᠲᠠ ᠶᠢ ᠳᠠᠶᠢᠴᠢᠯᠠᠭᠰᠠᠨ ᠢ ᠦᠨᠡᠨ ᠪᠣᠳᠠᠲᠠᠢ ᠭᠦᠨᠵᠡᠭᠡᠢ ᠣᠶᠢᠯᠠᠭᠠᠵᠤ᠂ ᠦᠵᠡᠭᠦᠯᠦᠯᠭᠡ ᠶᠢᠨ

ᠠᠵᠢᠯᠯᠠᠭ᠎ᠠ ᠪᠠᠷ ᠰᠢᠨ᠎ᠡ ᠭᠠᠷᠤᠭ᠎ᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠰᠡᠳᠬᠢᠨ

ᠪᠣᠳᠣᠯᠬᠢᠯᠠᠭᠰᠠᠨ᠂ ᠰᠣᠷᠣᠭᠰᠠᠨ᠂ ᠤᠬᠠᠭᠠᠷᠠᠭᠰᠠᠨ ᠢᠶᠠᠨ ᠦᠨᠡᠨᠬᠦ ᠠᠳᠬᠤᠵᠤ ᠪᠣᠳᠠᠲᠠᠢ ᠪᠠᠷ ᠠᠵᠢᠯᠯᠠᠬᠤ ᠠᠵᠢᠯ ᠤᠨ

ᠳᠤᠮᠳᠠ ᠪᠠᠨ ᠨᠠᠶᠢᠳᠠᠪᠤᠷᠢᠵᠢᠭᠤᠯᠵᠤ᠂ ᠬᠤᠲᠠ ᠶᠢᠨ ᠴᠡᠭᠡᠵᠢᠯᠡᠬᠦᠢ ᠶᠢᠨ ᠢᠨᠵᠧᠨᠧᠷᠢᠩ ᠢᠶᠠᠷ ᠭᠠᠷᠳᠠᠴᠠ ᠪᠣᠯᠭᠠᠵᠤ᠂

ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠬᠦᠷᠢᠶ᠎ᠡ ᠪᠠᠷ ᠭᠤᠣᠯᠳᠠᠯᠭ᠎ᠠ ᠪᠣᠯᠭᠠᠨ᠂ ᠭᠠᠵᠠᠷ ᠣᠷᠣᠨ ᠤ

ᠬᠤᠳᠠᠯᠳᠤᠭᠠᠴᠢᠨ ᠤᠷᠢᠬᠤ᠂ ᠬᠤᠳᠠᠯᠳᠤᠭᠠᠨ ᠤ ᠶᠠᠪᠤᠳᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶ᠎ᠡ ᠶᠢ

ᠲᠠᠰᠤᠷᠠᠯᠲᠠ ᠦᠭᠡᠢ ᠥᠷᠭᠡᠳᠬᠡᠵᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠪᠢ

ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠪᠡ᠃

 
ᠢᠷᠡᠯᠲᠡ᠄ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号