ᠨᠢᠭᠤᠷᠲᠠᠨ ᠨᠢᠭᠤᠷᠳᠠᠵᠤ᠂ ᠰᠡᠳᠬᠢᠯ ᠵᠢᠷᠦᠬᠡ ᠪᠠᠨ ᠬᠤᠯᠪᠣᠨ᠎ᠠ ᡺ ᠱᠢ ᠭᠤᠸᠠᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠸᠠᠩ ᠲᠦᠩ ᠰᠣᠩᠭᠤᠭᠤᠯᠢ  ᠶᠢᠨ ᠠᠷᠠᠳ  ᠢ ᠭᠥᠯᠢᠶᠡᠨ ᠠᠪᠴᠤ ᠵᠣᠴᠢᠯᠠᠪᠠ
ᠨᠡᠶᠢᠲᠡᠯᠡᠭᠰᠡᠨ ᠴᠠᠭ᠄
2022/5/25
         ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ ᠰᠣᠩᠭᠤᠭᠤᠯᠢ ᠶᠢᠨ ᠠᠷᠠᠳ ᠤᠨ ᠬᠠᠷᠢᠯᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠬᠤᠷᠠᠯ ᠲᠡᠭᠦᠰᠦᠭᠰᠡᠨ ᠬᠤᠭᠤᠴᠠᠭᠠᠨ ᠳᠠᠬᠢ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 5 ᠰᠠᠷ᠎ᠠ ᠶᠢᠨ 13  ᠤ ᠦᠳᠡ ᠶᠢᠨ ᠡᠮᠦᠨ᠎ᠡ᠂ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠸᠠᠩ ᠲᠦᠩ ᠭᠡᠷ ᠲᠡᠭᠡᠨ ᠣᠷᠣᠵᠤ ᠰᠣᠩᠭᠤᠭᠤᠯᠢ ᠶᠢᠨ ᠠᠷᠠᠳ ᠢ ᠭᠥᠯᠢᠶᠡᠨ ᠠᠪᠴᠤ᠂ ᠰᠣᠩᠭᠤᠭᠤᠯᠢ ᠶᠢᠨ ᠠᠷᠠᠳ ᠪᠣᠯᠣᠨ ᠤᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠵᠤ᠂ ᠤᠯᠠᠨ ᠲᠦᠮᠡᠨ ᠤ ᠣᠷᠣᠯᠠᠨ ᠥᠭᠦᠯᠡᠭᠴᠢ ᠶᠢ ᠦᠨᠡᠨᠬᠦ ᠰᠠᠶᠢᠲᠤᠷ ᠬᠢᠪᠡ᠃       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠱᠢ ᠭᠤᠸᠠᠢ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠥᠪᠯᠡᠯ ᠤᠨ ᠡᠷᠬᠢᠯᠡᠭᠴᠢ ᠯᠢ ᠶᠠ ᠮᠢᠨ ᠱᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠥᠷᠨᠢᠭᠦᠯᠦᠭᠰᠡᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ᠰᠣᠩᠭᠤᠭᠤᠯᠢ ᠶᠢᠨ ᠠᠷᠠᠳ ᠤᠨ ᠲᠥᠯᠥᠭᠡᠯᠡᠭᠴᠢᠳ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠵᠠᠮ ᠬᠠᠷᠢᠯᠴᠠᠭᠠᠨ ᠤ ᠠᠮᠤᠷ ᠲᠦᠪᠰᠢᠨ᠂ ᠣᠷᠴᠢᠨ ᠲᠣᠭᠤᠷᠢᠨ ᠤ ᠴᠡᠭᠴᠡᠯᠡᠨ ᠵᠠᠰᠠᠯᠲᠠ᠂ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠸᠠᠩ ᠲᠦᠩ ᠰᠣᠩᠭᠤᠭᠤᠯᠢ ᠶᠢᠨ ᠠᠷᠠᠳ ᠤᠨ ᠬᠦᠰᠡᠯ ᠱᠠᠭᠠᠷᠳᠠᠯᠭ᠎ᠠ ᠪᠠ ᠰᠡᠳᠬᠢᠯ ᠤᠨ ᠦᠭᠡ ᠶᠢ ᠬᠠᠯᠠᠰᠢᠷᠠᠯ ᠦᠭᠡᠢ ᠰᠣᠨᠣᠰᠴᠤ᠂ ᠲᠡᠮᠳᠡᠭᠯᠡᠯ ᠢᠶᠠᠨ ᠨᠠᠷᠢᠨ ᠨᠢᠮᠪᠠᠢ ᠬᠢᠵᠦ᠂ ᠨᠠᠷᠢᠨ ᠬᠢᠨᠠᠮᠠᠭᠠᠢ ᠡᠮᠬᠢᠯᠡᠨ ᠳᠢᠭᠯᠡᠵᠦ᠂ ᠲᠤᠬᠠᠢ ᠶᠢᠨ ᠭᠠᠵᠠᠷ ᠲᠤᠨᠢ ᠬᠠᠷᠢᠭᠤᠯᠵᠤ ᠳᠡᠶᠢᠯᠬᠦ ᠳᠤᠨᠢ᠂ ᠰᠣᠩᠭᠤᠭᠤᠯᠢ ᠶᠢᠨ ᠠᠷᠠᠳ ᠤᠨ ᠲᠥᠯᠥᠭᠡᠯᠡᠭᠴᠢᠳ ᠲᠠᠢ ᠬᠠᠮᠲᠤ ᠪᠠᠷ ᠠᠰᠠᠭᠤᠳᠠᠯ ᠢ ᠰᠢᠢᠳᠪᠦᠷᠢᠯᠡᠬᠦ ᠠᠷᠭ᠎ᠠ ᠪᠠ ᠠᠷᠭ᠎ᠠ ᠬᠡᠮᠵᠢᠶ᠎ᠡ ᠶᠢ ᠰᠤᠳᠤᠯᠤᠨ ᠶᠠᠷᠢᠯᠴᠠᠵᠤ᠂ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠴᠦ ᠳᠡᠶᠢᠯᠬᠦ ᠦᠭᠡᠢ ᠬᠥᠮᠥᠰ ᠤᠨ ᠲᠤᠬᠠᠢ ᠲᠡᠷᠡ ᠢᠯᠡᠷᠬᠡᠶᠢᠯᠡᠬᠦ ᠳᠡᠭᠡᠨ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠲᠦᠮᠡᠨ ᠤ ᠲᠥᠯᠥᠭᠡ ᠪᠠᠶᠢᠬᠤ︾ ᠪᠠ ᠰᠤᠷᠲᠠᠯ ᠤᠨ ᠪᠠᠶᠢᠭᠤᠯᠤᠯᠲᠠ ᠶᠢᠨ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠴᠢᠩᠭᠠᠳᠬᠠᠬᠤ ᠶᠢ ᠬᠠᠷᠢᠯᠴᠠᠨ ᠤᠶᠠᠯᠳᠤᠭᠤᠯᠵᠤ᠂ ᠪᠡᠶ᠎ᠡ ᠪᠠᠷ ᠢᠶᠠᠨ ᠥᠯᠢᠭᠡᠷ ᠳᠠᠭᠤᠷᠢᠶᠠᠯ ᠦᠵᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠣᠩᠭᠤᠭᠤᠯᠢ ᠶᠢᠨ ᠠᠷᠠᠳ ᠤᠨ ᠰᠠᠨᠠᠯ ᠢ ᠲᠥᠷᠥᠯ ᠬᠤᠪᠢᠶᠠᠨ ᠡᠮᠬᠢᠯᠡᠭᠰᠡᠨ ᠤ ᠳᠠᠷᠠᠭ᠎ᠠ᠂ ᠴᠠᠭ ᠲᠤᠬᠠᠢ ᠳᠤᠨᠢ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠷᠢᠯᠴᠠᠵᠤ᠂ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠦᠬᠦᠨ ᠬᠠᠷᠢᠭᠤ ᠲᠤᠰᠬᠠᠯ ᠲᠠᠢ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ ᠭᠡᠵᠡᠢ᠃       ᠠᠵᠢᠯᠯᠠᠭ᠎ᠠ ᠶᠢᠨ ᠡᠴᠦᠰ ᠲᠤ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠡᠷᠬᠢᠯᠡᠭᠴᠢ ᠯᠢ ᠶᠠ ᠮᠢᠨ ᠢᠯᠡᠷᠬᠡᠶᠢᠯᠡᠬᠦ ᠳᠡᠭᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠲᠡᠭᠡᠨ ᠣᠷᠣᠬᠤ ᠠᠵᠢᠯᠯᠠᠭ᠎ᠠ ᠪᠠᠷ ᠳᠠᠮᠵᠢᠭᠤᠯᠤᠨ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠥᠷᠭᠡᠨ ᠣᠯᠠᠨ ᠰᠣᠩᠭᠤᠭᠤᠯᠢ ᠶᠢᠨ ᠠᠷᠠᠳ ᠲᠠᠢ ᠵᠠᠢ ᠵᠠᠪᠰᠠᠷ ᠦᠭᠡᠢ ᠣᠶᠢᠷᠠᠲᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ ᠰᠣᠩᠭᠤᠭᠤᠯᠢ ᠶᠢᠨ ᠠᠷᠠᠳ ᠤᠨ ᠬᠠᠷᠢᠯᠴᠠᠭ᠎ᠠ ᠶᠢ ᠨᠢᠭᠲᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠨᠠᠩ ᠪᠦᠲᠦᠮᠵᠢᠲᠡᠶ ᠪᠣᠯᠭᠠᠪᠠ ᠭᠡᠵᠡᠢ᠃ᠲᠠᠷᠠᠭᠠᠴᠢ ᠶᠢᠨ ᠠᠯᠬᠤᠮ ᠳᠤ ᠥᠨᠥᠳᠥᠷ ᠤᠨ ᠰᠠᠨᠠᠯ ᠰᠠᠨᠠᠭᠤᠯᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠤᠯᠠᠨ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠬᠦᠴᠦ ᠣᠷᠣᠭᠤᠯᠵᠤ ᠪᠠᠶᠢᠭᠠᠳ ᠤᠯᠠᠨ ᠲᠦᠮᠡᠨ ᠳᠤ ᠪᠣᠳᠠᠲᠠᠢ ᠶᠠᠪᠤᠳᠠᠯ ᠰᠠᠶᠢᠨ ᠶᠠᠪᠤᠳᠠᠯ ᠬᠢᠵᠦ᠂ ᠠᠷᠠᠳ ᠤᠨ ᠠᠮᠢᠳᠤᠷᠠᠯ ᠪᠣᠳᠠᠲᠤ ᠶᠠᠪᠤᠳᠠᠯ ᠢ ᠪᠠᠲᠤᠯᠠᠬᠤ ᠪᠠ ᠠᠬᠢᠭᠤᠯᠬᠤ ᠳᠤᠮᠳᠠ ᠠᠷᠠᠳ ᠤᠨ ᠰᠠᠨᠠᠭ᠎ᠠ ᠲᠠᠢ ᠨᠡᠩ ᠣᠶᠢᠷᠠᠲᠤᠭᠤᠯᠵᠤ᠂ ᠰᠠᠭᠤᠭᠠᠯᠢ ᠠᠷᠠᠳ ᠲᠤ ᠨᠡᠩ ᠤᠯᠠᠨ ᠬᠦᠷᠲᠡᠮᠵᠢ ᠶᠢᠨ ᠲᠥᠷᠥᠭᠳᠡᠯ ᠵᠣᠯ ᠵᠢᠷᠭᠠᠯ ᠤᠨ ᠲᠥᠷᠥᠭᠳᠡᠯ ᠣᠯᠭᠤᠨ᠎ᠠ᠃
 
ᠢᠷᠡᠯᠲᠡ᠄ ᠱᠢ ᠭᠤᠸᠠᠢ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号