ᠣᠶᠢᠷ᠎ᠠ ᠳᠤ᠂ ᠱᠢ ᠭᠤᠸᠠᠢ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠸᠠᠩ | ᠰᠢᠨ ᠷᠦᠩ ᠬᠢᠭᠡᠳ ᠪᠤᠭᠤᠲᠤ ᠬᠤᠲᠠ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠪᠤᠭᠤᠲᠤ ᠶᠢᠨ | ᠬᠠᠪᠤᠳᠠᠷ ᠤᠨ ᠡᠮᠨᠡᠯᠭᠡ ᠶᠢᠨ ᠬᠤᠷᠢᠶᠠᠨ ᠤ ᠰᠢᠩᠭᠡᠭᠡᠯᠲᠡ ᠶᠢᠨ ᠰᠠᠯᠠᠭᠠᠨ ᠤ ᠲᠤᠰᠬᠠᠢ ᠮᠡᠷᠭᠡᠵᠢᠯᠲᠡᠨ ᠤ ᠬᠠᠮᠵᠢᠯᠴᠠᠭ᠎ᠠ | ᠳᠣᠣᠷ᠎ᠠ᠂ 7 ᠵᠦᠢᠯ ᠤᠨ ᠬᠤᠳᠣᠭᠤᠳᠤ ᠭᠡᠳᠡᠰᠦᠨ ᠤ ᠳᠤᠷᠠᠨ ᠤ ᠪᠠᠶᠢᠴᠠᠭᠠᠯᠲᠠ ᠵᠢᠴᠢ ᠬᠤᠳᠣᠭᠤᠳᠤᠨ ᠤ ᠤᠷ | ᠮᠢᠬ᠎ᠠ᠂ ᠬᠤᠲᠣᠷᠢᠩᠬᠠᠢ ᠰᠢᠯᠤᠭᠤᠨ ᠭᠡᠳᠡᠰᠦᠨ ᠤ ᠤᠷ ᠮᠢᠬ᠎ᠠ ᠶᠢ ᠣᠭᠲᠣᠯᠵᠤ ᠠᠪᠬᠤ ᠵᠡᠷᠭᠡ ᠠᠯᠢ ᠣᠯᠠᠨ ᠮᠡᠰᠡ | ᠵᠠᠰᠠᠯ ᠢ ᠤᠷᠤᠭᠰᠢᠲᠠᠢ ᠪᠡᠶᠡᠯᠡᠭᠦᠯᠦᠭᠰᠡᠨ ᠪᠠᠶᠢᠨ᠎ᠠ᠃ | ᠡᠪᠡᠳᠴᠢᠲᠡᠨ ᠤ ᠡᠮᠦᠨᠡᠬᠢ ᠬᠤᠭᠤᠴᠠᠭᠠᠨ ᠤ ᠦᠨᠡᠯᠡᠯᠲᠡ ᠵᠢᠴᠢ ᠬᠠᠮᠢᠶ᠎ᠠ ᠪᠦᠬᠦᠢ ᠪᠠᠶᠢᠴᠠᠭᠠᠯᠲᠠ ᠪᠠᠷ | ᠳᠡᠮᠵᠢᠨ᠂ ᠮᠢᠨᠴᠦᠭᠦᠷᠡᠭᠦᠯᠬᠦ ᠰᠠᠯᠠᠭ᠎ᠠ᠂ ᠰᠤᠪᠢᠯᠠᠬᠤ ᠬᠡᠯᠲᠡᠰ ᠤᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ | ᠡᠮᠨᠡᠯᠭᠡ ᠶᠢᠨ ᠠᠵᠢᠯᠲᠠᠨ ᠤ ᠨᠢᠭᠲᠠ ᠬᠠᠮᠵᠢᠯᠴᠠᠭ᠎ᠠ ᠳᠣᠣᠷ᠎ᠠ᠂ ᠨᠠᠮᠵᠢᠭᠤᠨ ᠰᠤᠳᠠᠯ ᠢᠶᠠᠷ ᠮᠢᠨᠴᠦᠭᠦᠷᠡᠭᠦᠯᠬᠦ ᠠᠴᠠ | ᠠᠪᠤᠭᠠᠳ ᠪᠠᠶᠢᠴᠠᠭᠠᠯᠲᠠ ᠳᠠᠭᠤᠰᠲᠠᠯ᠎ᠠ ᠡᠪᠡᠳᠴᠢᠲᠡᠨ ᠢ ᠰᠡᠷᠭᠡᠭ ᠪᠣᠯᠲᠠᠯ᠎ᠠ 30 ᠮᠢᠨᠦ᠋ᠲ ᠣᠷᠴᠢᠮ ᠬᠡᠷᠡᠭᠯᠡᠨ᠎ᠡ᠂ | ᠪᠠᠶᠢᠴᠠᠭᠠᠯᠲᠠ ᠶᠢᠨ ᠶᠠᠪᠤᠴᠠ ᠳᠤ ᠡᠪᠡᠳᠴᠢᠲᠡᠨ ᠤᠨᠲᠠᠬᠤ ᠪᠠᠶᠢᠳᠠᠯ ᠳᠤ ᠣᠷᠣᠵᠤ᠂ ᠶᠠᠮᠠᠷ ᠴᠤ ᠮᠡᠳᠡᠷᠡᠯ ᠦᠭᠡᠢ | ᠪᠠᠶᠢᠳᠠᠯ ᠳᠤ ᠪᠠᠶᠢᠴᠠᠭᠠᠯᠲᠠ ᠬᠢᠵᠦ᠂ ᠳᠠᠭᠤᠰᠤᠭᠰᠠᠨ ᠤ ᠳᠠᠷᠠᠭ᠎ᠠ ᠲᠦᠷᠭᠡᠨ ᠰᠡᠷᠭᠦᠵᠦ᠂ ᠶᠠᠮᠠᠷ ᠴᠤ ᠡᠪ ᠦᠭᠡᠢ ᠰᠢᠨᠵᠢ | ᠲᠡᠮᠳᠡᠭ ᠢᠯᠡᠷᠡᠬᠦ ᠦᠭᠡᠢ᠂ ᠰᠡᠷᠡᠭᠰᠡᠨ ᠤ ᠳᠠᠷᠠᠭ᠎ᠠ ᠣᠷᠣᠨ ᠠᠴᠠ ᠪᠠᠨ ᠪᠠᠭᠤᠵᠤ ᠠᠯᠬᠤᠵᠤ᠂ ᠡᠪᠡᠳᠬᠦ ᠦᠭᠡᠢ ᠪᠠᠷ | ᠪᠠᠶᠢᠴᠠᠭᠠᠬᠤ ᠪᠠ ᠲᠠᠭᠠᠯᠠᠮᠵᠢᠲᠠᠢ ᠡᠮᠨᠡᠨ ᠵᠠᠰᠠᠬᠤ ᠶᠢ ᠦᠨᠡᠨ ᠬᠦ ᠬᠢᠵᠦ ᠴᠢᠳᠠᠭᠰᠠᠨ ᠪᠠᠶᠢᠨ᠎ᠠ᠃ | ᠳᠡᠳ᠋ ᠬᠤᠷᠢᠶᠠᠨ ᠳᠠᠷᠤᠭ᠎ᠠ ᠸᠠᠩ ᠰᠢᠨ ᠷᠦᠩ ᠲᠠᠨᠢᠯᠴᠠᠭᠤᠯᠬᠤ ᠳᠠᠭᠠᠨ᠄ ︽ᠱᠢ ᠭᠤᠸᠠᠢ ᠲᠣᠭᠤᠷᠢᠭ ᠤᠨ | ᠡᠮᠨᠡᠯᠭᠡ ᠶᠢᠨ ᠬᠤᠷᠢᠶᠠᠨ ᠤ ᠬᠤᠳᠣᠭᠤᠳᠤ ᠭᠡᠳᠡᠰᠦᠨ ᠤ ᠳᠤᠷᠠᠨ ᠤ ᠲᠠᠰᠤᠭ ᠡᠮᠦᠨᠡᠬᠢ ᠬᠤᠭᠤᠴᠠᠭᠠᠨ ᠤ ᠢᠳᠡᠪᠬᠢᠲᠡᠢ | ᠪᠡᠯᠡᠳᠬᠡᠯ ᠢᠶᠠᠷ ᠳᠡᠮᠵᠢᠨ᠂ ᠣᠲᠣ ᠨᠢᠭᠡᠨᠲᠡ ᠬᠤᠳᠣᠭᠤᠳᠤ ᠭᠡᠳᠡᠰᠦᠨ ᠤ ᠡᠪᠡᠳᠬᠦ ᠦᠭᠡᠢ ᠳᠤᠷᠠᠨ ᠤ ᠪᠠᠶᠢᠴᠠᠭᠠᠯᠲᠠ | ᠬᠢᠭᠰᠡᠨ ᠪᠥᠭᠡᠳ ᠤᠷ ᠮᠢᠬ᠎ᠠ ᠶᠢ ᠣᠭᠲᠣᠯᠵᠤ ᠠᠪᠬᠤ ᠮᠡᠰᠡ ᠵᠠᠰᠠᠯ᠂ ESD᠂ EMR ᠵᠡᠷᠭᠡ ᠮᠡᠰᠡ ᠵᠠᠰᠠᠯ | ᠬᠢᠵᠦ ᠪᠣᠯᠣᠨ᠎ᠠ᠂ ᠲᠣᠰ ᠲᠥᠷᠥᠯ ᠵᠦᠢᠯ ᠤᠨ ᠠᠵᠢᠯ ᠢ ᠥᠷᠨᠢᠭᠦᠯᠦᠭᠰᠡᠨ ᠢᠶᠠᠷ ᠱᠢ ᠭᠤᠸᠠᠢ ᠲᠣᠭᠤᠷᠢᠭ ᠤᠨ | ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠥᠷᠭᠡᠨ | ᠣᠯᠠᠨ ᠠᠷᠠᠳ ᠲᠦᠮᠡᠨ ᠳᠤ ᠲᠥᠬᠦᠮ ᠦᠵᠡᠭᠦᠯᠪᠡ︾ ᠭᠡᠵᠡᠢ᠃ | ᠱᠢ ᠭᠤᠸᠠᠢ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠬᠤᠳᠣᠭᠤᠳᠤ ᠭᠡᠳᠡᠰᠦᠨ ᠤ ᠡᠪᠡᠳᠬᠦ ᠦᠭᠡᠢ | ᠳᠤᠷᠠᠨ ᠤ ᠪᠠᠶᠢᠴᠠᠭᠠᠯᠲᠠ ᠶᠢ ᠠᠮᠵᠢᠯᠲᠠ ᠲᠠᠢ ᠥᠷᠨᠢᠭᠦᠯᠵᠦ᠂ ᠱᠢ ᠭᠤᠸᠠᠢ ᠲᠣᠭᠤᠷᠢᠭ ᠤᠨ ᠬᠤᠳᠣᠭᠤᠳᠤ | ᠭᠡᠳᠡᠰᠦᠨ ᠤ ᠳᠤᠷᠠᠨ ᠤ ᠪᠠᠶᠢᠴᠠᠭᠠᠯᠲᠠ ᠶᠢᠨ ᠬᠤᠭᠤᠰᠤᠨ ᠢ ᠨᠥᠬᠦᠪᠦᠷᠢᠯᠡᠵᠦ᠂ ᠣᠯᠠᠨ ᠲᠦᠮᠡᠨ ᠤ ᠡᠪᠡᠳᠴᠢᠨ | ᠦᠵᠡᠭᠦᠯᠬᠦ ᠳᠤ ᠬᠦᠴᠢᠷᠲᠡᠢ᠂ ᠡᠪᠡᠳᠴᠢᠨ ᠦᠵᠡᠭᠦᠯᠬᠦ ᠳᠤ ᠦᠨᠡᠲᠡᠢ ᠪᠠᠶᠢᠬᠤ ᠠᠰᠠᠭᠤᠳᠠᠯ ᠢ ᠨᠠᠮᠳᠠᠭᠤᠯᠬᠤ ᠶᠢᠨ | ᠬᠠᠮᠲᠤ᠂ ᠬᠤᠳᠣᠭᠤᠳᠤ ᠭᠡᠳᠡᠰᠦᠨ ᠤ ᠳᠤᠷᠠᠨ ᠤ ᠪᠠᠶᠢᠴᠠᠭᠠᠯᠲᠠ ᠳᠤ ᠪᠠᠰᠠ ᠡᠮ ᠡᠮᠨᠡᠯᠭᠡ ᠶᠢᠨ ᠳᠠᠭᠠᠳᠬᠠᠯ ᠤᠨ | ᠲᠠᠩᠰᠠ ᠳᠡᠶᠢᠯᠵᠦ ᠪᠣᠯᠣᠨ᠎ᠠ᠂ ᠡᠨᠡ ᠨᠢ ᠡᠪᠡᠳᠴᠢᠲᠡᠨ ᠤ ᠠᠵᠤ ᠠᠬᠤᠢ ᠶᠢᠨ ᠳᠠᠷᠤᠭᠠᠰᠤ ᠶᠢ ᠬᠥᠩᠭᠡᠯᠡᠬᠦ ᠶᠢᠨ | ᠬᠠᠮᠲᠤ ᠪᠠᠰᠠ ᠡᠪᠡᠳᠴᠢᠲᠡᠨ ᠤ ᠬᠤᠲᠠ ᠶᠢᠨ ᠱᠠᠲᠤᠨ ᠤ ᠡᠮᠨᠡᠯᠭᠡ ᠶᠢᠨ ᠬᠤᠷᠢᠶᠠᠨ ᠳᠤ ᠬᠦᠷᠴᠦ ᠳ᠋ᠤᠭᠠᠷᠯᠠᠨ | ᠮᠥᠷᠯᠡᠵᠦ ᠬᠦᠯᠢᠶᠡᠬᠦ ᠴᠠᠭ ᠢ ᠠᠷᠪᠢᠯᠠᠵᠤ ᠥᠭᠭᠦᠭᠰᠡᠨ ᠪᠠᠶᠢᠨ᠎ᠠ᠃ | ᠡᠮᠴᠢ ᠪᠣᠯ ᠥᠷᠥᠰᠢᠶᠡᠯᠲᠦ ᠤᠪᠠᠳᠢᠰ ᠮᠥᠨ᠂ ᠡᠮᠴᠢ ᠪᠣᠯ ᠥᠷᠥᠰᠢᠶᠡᠯᠲᠦ ᠰᠡᠳᠬᠢᠯ ᠮᠥᠨ!ᠱᠢ ᠭᠤᠸᠠᠢ | ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠶᠢᠨ ᠠᠵᠢᠯᠲᠠᠨ ᠬᠦᠷᠦᠯᠴᠡᠬᠦ ᠦᠭᠡᠢ ᠪᠠᠶᠢᠳᠠᠯ ᠢ ᠢᠯᠠᠨ | ᠳᠠᠪᠠᠭᠰᠠᠨ ᠪᠠᠶᠢᠳᠠᠯ ᠳᠣᠣᠷ᠎ᠠ ᠪᠦᠬᠦ ᠡᠮᠴᠢ ᠰᠤᠪᠢᠯᠠᠭᠴᠢᠳ ᠦᠨᠡᠨᠴᠢ ᠪᠠᠷ ᠬᠠᠮᠲᠤᠷᠠᠨ ᠠᠵᠢᠯᠯᠠᠵᠤ᠂ ᠱᠢ ᠭᠤᠸᠠᠢ | ᠲᠣᠭᠤᠷᠢᠭ ᠤᠨ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ᠲᠡᠷᠢᠭᠦᠨ ᠤ ᠮᠡᠷᠭᠡᠵᠢᠯ ᠪᠠ | ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠵᠢᠱᠢᠶᠡᠯᠡᠪᠡᠯ ᠠᠮᠢᠳᠤ ᠪᠣᠳᠠᠰ ᠤᠨ HD-550 ᠡᠯᠧᠺᠲᠷᠣᠨ | ᠰᠢᠩᠭᠡᠭᠡᠯᠲᠡ ᠶᠢᠨ ᠵᠠᠮ ᠤᠨ ᠳᠣᠲᠣᠷ᠎ᠠ ᠳᠤᠷᠠᠨ᠂ ᠮᠠᠶᠢᠷᠤᠢ R1 ᠳᠣᠲᠣᠷ᠎ᠠ ᠳᠤᠷᠠᠨ ᠤ ᠳᠦᠷᠰᠦ ᠰᠢᠩᠭᠡᠭᠡᠬᠦ | ᠰᠢᠰᠲ᠋ᠧᠮ᠂ ᠮᠠᠶᠢᠷᠤᠢ WATOEX-65 ᠮᠢᠨᠴᠦᠭᠦᠷᠡᠭᠦᠯᠬᠦ ᠮᠠᠰᠢᠨ᠂ ᠮᠠᠶᠢᠷᠤᠢ Resona R9 ᠥᠩᠭᠡᠲᠦ | ᠳ᠋ᠤᠫᠯᠧᠷ ᠤᠨ ᠭᠡᠳᠦ ᠲᠡᠭᠤᠠ᠂ ᠹᠢᠯᠢᠫ ᠤᠨ 64 ᠮᠥᠷ 128 ᠳᠠᠪᠬᠤᠷᠭ᠎ᠠ ᠶᠢᠨ CT ᠵᠡᠷᠭᠡ ᠲᠥᠬᠦᠭᠡᠷᠦᠮᠵᠢ ᠶᠢ | ᠨᠡᠭᠡᠭᠡᠨ᠎ᠡ᠃ ᠲᠤᠰᠬᠠᠢ ᠮᠡᠷᠭᠡᠵᠢᠯ ᠤᠨ ᠠᠵᠢᠯᠲᠠᠨ ᠤ ᠵᠢᠯᠣᠭᠤᠳᠤᠯᠭ᠎ᠠ ᠳᠣᠣᠷ᠎ᠠ ᠳᠠᠪᠬᠤᠷ ᠳᠠᠪᠬᠤᠷ ᠪᠣᠭᠤᠮᠲᠠ ᠶᠢ | ᠰᠢᠪᠲᠤᠯᠵᠤ᠂ ᠬᠤᠳᠣᠭᠤᠳᠤ ᠭᠡᠳᠡᠰᠦᠨ ᠤ ᠡᠪᠡᠷᠰᠢᠶᠡᠯ ᠦᠭᠡᠢ ᠳᠤᠷᠠᠨ ᠤ ᠠᠩᠬᠠᠨ ᠤ ᠪᠠᠶᠢᠴᠠᠭᠠᠯᠲᠠ ᠶᠢ | ᠠᠮᠵᠢᠯᠲᠠ ᠲᠠᠢ ᠥᠷᠨᠢᠭᠦᠯᠵᠦ᠂ ᠡᠪᠡᠳᠴᠢᠲᠡᠨ ᠳᠤ ᠦᠢᠯᠡᠴᠢᠯᠡᠬᠦ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠂ | ᠥᠷᠭᠡᠨ ᠣᠯᠠᠨ ᠰᠠᠭᠤᠭᠠᠯᠢ ᠠᠷᠠᠳ ᠲᠤ ᠨᠠᠩ ᠰᠠᠶᠢᠨ ᠲᠠᠭᠠᠯᠠᠮᠵᠢᠲᠠᠢ ᠡᠮᠴᠢᠯᠡᠭᠡ ᠬᠠᠩᠭᠠᠵᠤ᠂ ᠠᠷᠠᠳ ᠲᠦᠮᠡᠨ ᠤ | ᠲᠥᠯᠥᠭᠡ ᠡᠷᠡᠭᠦᠯ ᠮᠡᠨᠳᠦ᠂ ᠡᠮᠴᠢᠯᠡᠭᠡ ᠪᠠᠷ ᠠᠷᠠᠳ ᠲᠤ ᠠᠰᠢᠭ ᠬᠦᠷᠲᠡᠭᠡᠵᠦ᠂ ᠠᠷᠠᠳ ᠲᠦᠮᠡᠨ ᠤ ᠪᠡᠶ᠎ᠡ | ᠮᠠᠬᠠᠪᠤᠳ ᠤᠨ ᠡᠷᠡᠭᠦᠯ ᠮᠡᠨᠳᠦ ᠶᠢ ᠪᠥᠬᠦ ᠲᠠᠯ᠎ᠠ ᠪᠠᠷ ᠬᠠᠶᠢᠷᠠᠯᠠᠨ ᠬᠠᠮᠠᠭᠠᠯᠠᠪᠠ᠃ | | | | |