ᠪᠦᠬᠦ ᠲᠤᠭᠤᠷᠢᠭ ᠤᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ | ᠠᠷᠠᠯᠵᠢᠶᠠᠯᠠᠬᠤ ᠶᠢᠨ ᠠᠰᠠᠭᠤᠳᠠᠯ ᠢ ᠲᠥᠪᠯᠡᠷᠡᠭᠦᠯᠦᠨ ᠵᠠᠰᠠᠬᠤ ᠲᠤᠰᠬᠠᠢ ᠠᠵᠢᠯᠯᠠᠭ᠎ᠠ ᠶᠢᠨ ᠲᠥᠰᠥᠯ ᠤᠨ ᠱᠠᠭᠠᠷᠳᠠᠯᠭ᠎ᠠ | ᠶᠣᠰᠣᠭᠠᠷ᠂ 5 ᠰᠠᠷ᠎ᠠ ᠶᠢᠨ 16 ᠤ ᠦᠳᠡ ᠶᠢᠨ ᠬᠤᠶᠢᠨ᠎ᠠ᠂ ᠱᠢ ᠭᠤᠸᠠᠢ ᠲᠣᠭᠤᠷᠢᠭ ᠤᠨ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ | ᠪᠣᠯᠭᠢᠴᠢᠯᠠᠵᠤ ᠠᠷᠠᠯᠵᠢᠶᠠᠯᠠᠬᠤ ᠶᠢᠨ ᠠᠰᠠᠭᠤᠳᠠᠯ ᠤᠨ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠬᠤᠷᠠᠯ | ᠬᠤᠷᠠᠯᠳᠤᠭᠤᠯᠪᠠ᠃ | | | ᠬᠤᠷᠠᠯ ᠳᠡᠭᠡᠷ᠎ᠡ᠂ ᠨᠠᠮ ᠤᠨ ᠭᠡᠰᠢᠭᠦᠨ᠂ ᠺᠠᠳ᠋ᠷᠴᠤᠳ ᠢ ᠵᠣᠬᠢᠶᠠᠨ ᠪᠠᠶᠢᠭᠤᠯᠤᠨ ᠰᠡᠷᠡᠮᠵᠢᠯᠡᠭᠦᠯᠬᠦ | ᠬᠥᠮᠦᠵᠢᠯ ᠤᠨ ᠹᠢᠯᠢᠮ ᠢ ︽ᠣᠭᠲᠣ ᠠᠭᠤᠴᠢᠯᠠᠬᠤ ᠦᠭᠡᠢ︾ ᠦᠵᠡᠭᠦᠯᠵᠦ᠂ ᠤᠳᠤᠷᠢᠳᠬᠤ ᠺᠠᠳ᠋ᠷᠴᠤᠳ ᠤᠨ ᠡᠷᠬᠡ | ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ᠂ ᠬᠤᠪᠢ ᠶᠢᠨ ᠠᠰᠢᠭ ᠣᠯᠬᠤ᠂ ᠲᠣᠭᠲᠠᠭᠠᠯ ᠢ ᠵᠥᠷᠢᠴᠡᠨ ᠪᠡᠯᠡ | ᠮᠥᠩᠭᠦ ᠬᠡᠷᠡᠭᠯᠡᠬᠦ ᠵᠡᠷᠭᠡ ᠲᠠᠯ᠎ᠠ ᠪᠠᠷ ᠵᠠᠳᠠᠯᠤᠯᠲᠠ ᠬᠢᠬᠦ ᠪᠠᠷ ᠳᠠᠮᠵᠢᠭᠤᠯᠤᠨ᠂ ᠰᠡᠷᠡᠮᠵᠢᠯᠡᠭᠦᠯᠬᠦ ᠬᠥᠮᠦᠵᠢᠯ ᠤᠨ | ᠬᠠᠨᠳᠤᠯᠭᠠᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠪᠠ᠃ᠬᠡᠷᠡᠭ ᠢᠶᠠᠷ ᠵᠢᠱᠢᠶᠡᠯᠡᠪᠡᠯ᠂ | ᠰᠤᠷᠤᠯᠴᠠᠯᠭ᠎ᠠ ᠪᠠᠨ ᠴᠢᠩᠭᠠᠳᠬᠠᠵᠤ᠂ ᠰᠠᠬᠢᠯᠭ᠎ᠠ ᠪᠠᠲᠤ ᠪᠠ ᠶᠣᠰᠣ ᠳᠦᠷᠢᠮ ᠤᠨ ᠤᠬᠠᠮᠰᠠᠷ ᠢᠶᠠᠨ ᠴᠢᠩᠭᠠᠳᠬᠠᠵᠤ᠂ | ᠲᠤᠰ ᠪᠡᠶ᠎ᠡ ᠶᠢᠨ ᠢᠶᠠᠨ ︽ᠦᠯᠦ ᠬᠠᠯᠳᠠᠭᠠᠬᠤ ᠴᠢᠳᠠᠪᠤᠷᠢ︾ ᠪᠠᠨ ᠳᠡᠭᠡᠭᠰᠢᠯᠡᠭᠦᠯᠵᠦ᠂ ᠠᠷᠢᠭᠤᠨ ᠴᠢᠬᠡᠴᠢ ᠪᠠᠷ ᠵᠠᠰᠠᠭ | ᠪᠠᠷᠢᠵᠤ᠂ ᠠᠷᠠᠳ ᠲᠦᠮᠡᠨ ᠠᠴᠠ ᠪᠢᠳᠡᠨ ᠳᠤ ᠳᠠᠭᠠᠭᠠᠯᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ | ᠭᠦᠢᠴᠡᠳᠬᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠲᠤᠬᠠᠶᠢᠯᠠᠭᠰᠠᠨ ᠠᠵᠢᠯ ᠤᠨ ᠪᠠᠶᠢᠷᠢ ᠠᠴᠠ ᠪᠠᠨ | ᠡᠬᠢᠯᠡᠨ ᠬᠢᠵᠦ᠂ ᠤᠬᠠᠮᠰᠠᠷ ᠠᠴᠠ ᠪᠠᠨ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠵᠣᠭᠤᠰ ᠮᠥᠩᠭᠦ ᠶᠢ | ᠰᠢᠲᠦᠬᠦ ᠦᠵᠡᠯ᠂ ᠵᠢᠷᠭᠠᠨ ᠴᠡᠩᠭᠡᠬᠦ ᠦᠵᠡᠯ ᠤᠨ ᠨᠡᠷᠪᠡᠯᠲᠡ ᠶᠢ ᠡᠰᠡᠷᠭᠦᠴᠡᠨ ᠬᠤᠷᠢᠭᠯᠠᠵᠤ᠂ ᠢᠯᠵᠠᠷᠠᠯ ᠢ ᠡᠰᠡᠷᠭᠦᠴᠡᠨ | ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠭᠡᠳᠡᠭ ᠢ ᠨᠠᠮ ᠤᠨ | ᠭᠡᠰᠢᠭᠦᠨ᠂ ᠺᠠᠳ᠋ᠷᠴᠤᠳ ᠭᠦᠢᠴᠡᠳ ᠲᠠᠨᠢᠵᠤ ᠣᠯᠣᠭᠰᠠᠨ ᠪᠠᠶᠢᠨ᠎ᠠ᠃ | ᠡᠨᠡ ᠤᠳᠠᠭ᠎ᠠ ᠶᠢᠨ ᠰᠡᠷᠡᠮᠵᠢᠯᠡᠭᠦᠯᠬᠦ ᠬᠥᠮᠦᠵᠢᠯ ᠳᠤ᠂ ᠡᠨᠡ ᠪᠣᠯ ᠨᠠᠮ ᠤᠨ ᠭᠡᠰᠢᠭᠦᠨ᠂ ᠺᠠᠳ᠋ᠷᠴᠤᠳ ᠤᠨ | ᠦᠵᠡᠯ ᠰᠠᠨᠠᠭ᠎ᠠ᠂ ᠣᠶᠤᠨ ᠰᠠᠨᠠᠭᠠᠨ ᠤ ᠲᠠᠯ᠎ᠠ ᠪᠠᠷ ᠬᠢ ᠨᠢᠭᠡ ᠤᠳᠠᠭᠠᠨ ᠤ ᠤᠬᠢᠶᠠᠯ ᠮᠥᠨ᠂ ᠪᠦᠬᠦ ᠨᠠᠮ ᠤᠨ | ᠭᠡᠰᠢᠭᠦᠨ᠂ ᠺᠠᠳ᠋ᠷᠴᠤᠳ ᠤᠨ ᠨᠠᠮᠴᠢ ᠴᠢᠨᠠᠷ ᠪᠠ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ | ᠤᠬᠠᠮᠰᠠᠷᠲᠤ ᠴᠢᠨᠠᠷ ᠢ ᠳᠡᠭᠡᠭᠰᠢᠯᠡᠭᠦᠯᠵᠦ᠂ ᠨᠠᠮ ᠤᠨ ᠭᠡᠰᠢᠭᠦᠨ᠂ ᠺᠠᠳ᠋ᠷᠴᠤᠳ ᠲᠤ ᠬᠠᠤᠯᠢ ᠴᠠᠭᠠᠵᠠ ᠶᠢᠨ ᠡᠮᠦᠨ᠎ᠡ | ᠣᠨᠴᠠᠭᠠᠶ ᠠᠷᠠᠳ ᠢᠷᠭᠡᠨ ᠪᠠᠶᠢᠬᠤ ᠦᠭᠡᠢ᠂ ᠨᠠᠮ ᠤᠨ ᠰᠠᠬᠢᠯᠭ᠎ᠠ ᠪᠠᠲᠤ ᠶᠢᠨ ᠡᠮᠦᠨ᠎ᠡ ᠣᠨᠴᠠᠭᠠᠶ ᠨᠠᠮ ᠤᠨ ᠭᠡᠰᠢᠭᠦᠨ | ᠪᠠᠶᠢᠬᠤ ᠦᠭᠡᠢ᠂ ᠨᠢᠭᠡᠨ ᠨᠠᠮ ᠤᠨ ᠭᠡᠰᠢᠭᠦᠨ ᠺᠠᠳ᠋ᠷ ᠤᠨ ᠪᠠᠶᠢᠷᠢ ᠰᠠᠭᠤᠷᠢ ᠨᠢ ᠬᠡᠳᠦᠢ ᠥᠨᠳᠥᠷ ᠪᠠᠶᠢᠭᠰᠠᠨ ᠴᠤ᠂ ᠡᠷᠬᠡ | ᠨᠢ ᠬᠡᠳᠦᠢ ᠶᠡᠭᠡ ᠪᠠᠶᠢᠭᠰᠠᠨ ᠴᠤ᠂ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠳᠡᠭ ᠯᠡ ᠶᠤᠮ | ᠪᠣᠯ ᠡᠴᠦᠰ ᠲᠡᠭᠡᠨ ᠨᠠᠮ ᠤᠨ ᠰᠠᠬᠢᠯᠭ᠎ᠠ ᠤᠯᠤᠰ ᠤᠨ ᠬᠠᠤᠯᠢ ᠶᠢᠨ ᠴᠢᠩᠭ᠎ᠠ ᠵᠠᠯᠬᠠᠭᠠᠯ ᠠᠴᠠ ᠮᠤᠯᠲᠤᠷᠠᠵᠤ ᠴᠢᠳᠠᠬᠤ | ᠦᠭᠡᠢ ᠭᠡᠳᠡᠭ ᠢ ᠨᠡᠩ ᠭᠦᠨᠵᠡᠭᠡᠢ ᠲᠠᠨᠢᠭᠤᠯᠤᠭᠰᠠᠨ ᠪᠠᠶᠢᠨ᠎ᠠ᠃ | |