3D ᠳᠠᠷᠤᠮᠠᠯᠯᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠪᠠ
ᠨᠡᠶᠢᠲᠡᠯᠡᠭᠰᠡᠨ ᠴᠠᠭ᠄
2022/5/25
        ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠬᠢ ᠪᠠᠶᠠᠯᠢᠭ ᠪᠣᠯᠣᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠦᠢᠯᠡᠳᠦᠯᠭᠡ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠰᠤᠷᠤᠭᠴᠢᠳ ᠤᠨ ᠬᠠᠷᠠᠬᠠᠨ ᠪᠠᠭ᠎ᠠ ᠠᠴᠠ ᠪᠠᠨ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ ᠤᠷᠮ᠎ᠠ ᠪᠠᠬ᠎ᠠ ᠶᠢ ᠬᠥᠭᠵᠢᠭᠡᠬᠦ ᠶᠢᠨ ᠲᠥᠯᠥᠭᠡ᠂ 5 ᠰᠠᠷ᠎ᠠ ᠶᠢᠨ 11  ᠤ ᠦᠳᠡ ᠶᠢᠨ ᠬᠤᠶᠢᠨ᠎ᠠ᠂ ᠱᠢ ᠭᠦ᠋ᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ᠥᠪᠥᠷ ᠮᠣᠩᠭᠤᠯ ᠤᠨ ᠵᠢᠦ ᠹᠠᠩ ᠣᠶᠤᠨᠲᠤ ᠰᠤᠷᠭᠠᠨ ᠬᠥᠮᠦᠵᠢᠯ ᠤᠨ ᠪᠠᠭᠰᠢ ᠶᠢ ᠤᠷᠢᠵᠤ ᠱᠢ ᠭᠦ᠋ᠩ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠥᠳᠡᠭᠡ ᠲᠣᠰᠬᠤᠨ ᠤ ᠪᠠᠭᠠᠴᠤᠳ ᠤᠨ ᠣᠷᠳᠣᠨ ᠤ ᠨᠡᠶᠢᠭᠡᠮ ᠤᠨ ᠪᠦᠯᠬᠦᠮ ᠤᠨ ᠠᠵᠢᠯᠯᠠᠭ᠎ᠠ ᠶᠢᠨ ᠬᠢᠴᠢᠶᠡᠯ ᠤᠨ ᠰᠤᠷᠤᠭᠴᠢᠳ ᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠯᠭᠡᠪᠡ᠃         ᠲᠠᠶᠢᠯᠤᠮᠵᠢ ᠳᠡᠭᠡᠷ᠎ᠡ᠂ ᠪᠠᠭᠰᠢ3D ᠳᠠᠷᠤᠮᠠᠯᠯᠠᠬᠤ ᠮᠠᠰᠢᠨ ᠤ ᠠᠵᠢᠯᠯᠠᠬᠤ ᠤᠭ ᠶᠣᠰᠣ ᠶᠢ ᠲᠠᠶᠢᠯᠪᠤᠷᠢᠯᠠᠵᠤ᠂ ᠬᠤᠷᠣᠭᠳᠠᠯ ᠮᠠᠲ᠋ᠧᠷᠢᠶᠠᠯ ᠵᠢᠴᠢ 3D ᠵᠠᠭᠪᠤᠷ ᠤᠨ ᠳᠠᠷᠤᠮᠠᠯᠯᠠᠯ ᠢ ᠤᠭᠰᠠᠷᠠᠪᠠ᠃ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠰᠤᠷᠤᠭᠴᠢᠳ ᠣᠶᠢᠷ᠎ᠠ   ᠠᠴᠠ 3D ᠳᠠᠷᠤᠮᠠᠯᠯᠠᠬᠤ ᠮᠠᠰᠢᠨ ᠤ ᠪᠦᠲᠦᠴᠡ   ᠶᠢ ᠣᠶᠢᠯᠠᠭᠠᠪᠠ᠃ᠰᠤᠷᠤᠭᠴᠢᠳ ᠤᠨ ᠤᠷᠮ᠎ᠠ ᠪᠠᠬ᠎ᠠ ᠣᠷᠭᠢᠯᠤᠨ ᠪᠠᠳᠠᠷᠠᠵᠤ᠂ ᠢᠳᠡᠪᠬᠢᠲᠡᠢ ᠪᠠᠷ ᠰᠡᠳᠬᠢᠨ ᠪᠣᠳᠣᠯᠬᠢᠯᠠᠵᠤ᠂ ᠢᠳᠡᠪᠬᠢᠲᠡᠢ ᠪᠠᠷ ᠠᠰᠠᠭᠤᠯᠲᠠ ᠠᠰᠠᠭᠤᠵᠤ ᠪᠠᠶᠢᠯ᠎ᠠ᠃3D ᠳᠠᠷᠤᠮᠠᠯᠯᠠᠯ ᠤᠨ ᠰᠢᠨ᠎ᠡ ᠶᠢ ᠡᠭᠦᠳᠬᠦ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠵᠣᠷᠢᠯᠭ᠎ᠠ ᠨᠢ ᠰᠤᠷᠤᠭᠴᠢᠳ ᠢ ᠦᠵᠡᠯ ᠰᠠᠨᠠᠭ᠎ᠠ ᠲᠠᠢ᠂ ᠰᠢᠨ᠎ᠡ ᠶᠢ ᠡᠭᠦᠳᠬᠦ ᠤᠬᠠᠮᠰᠠᠷ ᠲᠠᠢ ᠲᠥᠰᠥᠪᠯᠡᠭᠴᠢ ᠪᠠ ᠰᠡᠳᠬᠢᠨ ᠪᠣᠳᠣᠯᠬᠢᠯᠠᠭᠴᠢ ᠪᠣᠯᠭᠠᠨ ᠬᠥᠮᠥᠵᠢᠭᠦᠯᠵᠦ᠂ ᠰᠤᠷᠤᠭᠴᠢᠳ ᠢ ᠬᠠᠶᠢᠨ ᠰᠦᠪᠡᠭᠴᠢᠯᠡᠬᠦ᠂ ᠰᠡᠳᠬᠢᠬᠦ ᠪᠠ ᠪᠡᠶᠡᠯᠡᠭᠦᠯᠬᠦ ᠪᠦᠷᠢᠨ ᠪᠦᠲᠦᠨ ᠶᠠᠪᠤᠴᠠ ᠶᠢ ᠥᠩᠭᠡᠷᠡᠭᠦᠯᠵᠦ᠂ ᠰᠤᠷᠤᠭᠴᠢᠳ ᠲᠤ ᠨᠢᠭᠡ ᠵᠦᠢᠯ ᠤᠨ ᠴᠣ᠋ ᠰᠢᠨ᠎ᠡ ᠰᠡᠳᠬᠢᠬᠦᠢ ᠶᠢᠨ ᠵᠠᠮ ᠢ ᠨᠡᠭᠡᠭᠡᠵᠦ ᠥᠭᠬᠦ ᠶᠢᠨ ᠲᠥᠯᠥᠭᠡ ᠶᠤᠮ᠃       ᠱᠢ ᠭᠤᠸᠠᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠶᠢ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠱᠢ ᠭᠤᠸᠠᠢ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠪᠤᠴᠠ ᠳᠤ ᠲᠤᠰᠬᠠᠢ ᠮᠡᠷᠭᠡᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭᠰᠢ ᠶᠢᠨ ᠬᠦᠴᠦᠨ ᠲᠤᠶᠢᠯ ᠤᠨ ᠳᠤᠲᠠᠮᠠᠭ ᠪᠠᠶᠢᠬᠤ ᠶᠢ ᠣᠶᠢᠯᠠᠭᠠᠵᠤ᠂ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠲᠤᠰᠬᠠᠢ ᠮᠡᠷᠭᠡᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭᠰᠢ ᠶᠢ ᠤᠷᠢᠵᠤ ᠲᠡᠳᠡᠨ ᠤ ᠨᠡᠶᠢᠭᠡᠮ ᠤᠨ ᠪᠦᠯᠬᠦᠮ ᠤᠨ ᠠᠵᠢᠯᠯᠠᠭᠠᠨ ᠤ ᠬᠢᠴᠢᠶᠡᠯ ᠳᠤ ᠭᠤᠶᠢᠳᠠ ᠰᠠᠶᠢᠬᠠᠨ ᠲᠠᠶᠢᠯᠤᠮᠵᠢ ᠬᠢᠯᠭᠡᠪᠡ᠃ᠬᠤᠶᠢᠰᠢᠳᠠ᠂ ᠱᠢ ᠭᠤᠸᠠᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ᠰᠤᠷᠭᠠᠭᠤᠯᠢ ᠶᠢᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠢᠳᠡᠪᠬᠢᠲᠡᠢ ᠥᠷᠨᠢᠭᠦᠯᠵᠦ᠂ ᠰᠤᠷᠤᠭᠴᠢᠳ ᠲᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠣᠶᠢᠯᠠᠭᠠᠬᠤ ᠲᠠᠪᠴᠠᠩ ᠪᠠᠶᠢᠭᠤᠯᠤᠨ ᠥᠭᠴᠦ᠂ ᠵᠠᠯᠠᠭᠤᠴᠤᠳ ᠪᠠᠭᠠᠴᠤᠳ ᠤᠨ ᠰᠢᠨ᠎ᠡ ᠶᠢ ᠡᠭᠦᠳᠬᠦ ᠤᠬᠠᠮᠰᠠᠷ ᠪᠠ ᠦᠢᠯᠡᠳᠦᠯᠭᠡ ᠶᠢᠨ ᠴᠢᠳᠠᠪᠤᠷᠢ ᠶᠢ ᠲᠠᠰᠤᠷᠠᠯᠲᠠ ᠦᠭᠡᠢ ᠬᠥᠮᠥᠵᠢᠭᠦᠯᠦᠨ᠎ᠡ᠃

 
ᠢᠷᠡᠯᠲᠡ᠄ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号