ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠤᠨ ᠬᠢᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠡᠢ
ᠨᠡᠶᠢᠲᠡᠯᠡᠭᠰᠡᠨ ᠴᠠᠭ᠄
2022/5/7
       ᠬᠠᠷᠢᠶᠠᠲᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠠᠷᠢᠶᠠᠲᠤ ᠣᠷᠣᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠣᠶᠢᠷ᠎ᠠ ᠶᠢᠨ ᠬᠤᠭᠤᠴᠠᠭᠠᠨ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠪᠥᠬᠦ ᠬᠠᠷᠢᠶᠠᠲᠤ ᠣᠷᠣᠨ ᠳᠠᠭᠠᠨ ᠰᠠᠭᠤᠭᠠᠯᠢ ᠠᠷᠠᠳ ᠤᠨ ᠠᠰᠠᠷ᠂ ᠬᠤᠳᠠᠯᠳᠤᠭᠠᠨ ᠤ ᠡᠷᠦᠬᠡ᠂ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠠᠶᠤᠯ ᠦᠭᠡᠢ ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠪᠡ᠃       ᠪᠠᠶᠢᠴᠠᠭᠠᠯᠲᠠ ᠶᠢᠨ ᠳᠤᠮᠳᠠ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠭᠠᠵᠠᠷ ᠦᠯᠡᠳᠡᠭᠡᠬᠦ ᠦᠭᠡᠢ᠂ ᠬᠠᠰᠢ ᠶᠠᠰᠢ ᠪᠠᠷ ᠥᠩᠭᠡᠷᠡᠭᠦᠯᠬᠦ ᠦᠭᠡᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ᠬᠠᠷᠢᠶᠠᠲᠤ ᠣᠷᠣᠨ ᠤ ᠠᠵᠤ ᠠᠬᠤᠶᠢᠯᠠᠯ᠂ ᠬᠤᠳᠠᠯᠳᠤᠭᠠᠨ ᠤ ᠫᠦᠰᠡ ᠶᠢᠨ ᠭᠠᠯ ᠤᠨᠲᠠᠷᠠᠭᠠᠬᠤ ᠭᠠᠯ ᠤᠨᠲᠠᠷᠠᠭᠠᠭᠤᠷ ᠢ ᠪᠣᠳᠠᠲᠠᠶᠢᠵᠢᠭᠤᠯᠤᠭᠰᠠᠨ ᠡᠰᠡᠬᠦ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ︔ᠭᠠᠯ ᠤᠨᠲᠠᠷᠠᠭᠠᠭᠤᠯ ᠢ ᠬᠠᠯᠬᠠᠯᠠᠬᠤ᠂ ᠪᠢᠲᠡᠭᠦᠮᠵᠢᠯᠡᠬᠦ ᠦᠵᠡᠭᠳᠡᠯ ᠣᠷᠣᠰᠢᠵᠤ ᠪᠠᠶᠢᠬᠤ ᠡᠰᠡᠬᠦ;ᠴᠠᠬᠢᠯᠭᠠᠨ ᠬᠠᠩᠭᠠᠬᠤ ᠴᠠᠬᠢᠯᠭᠠᠨ ᠬᠡᠯᠬᠢᠶ᠎ᠡ ᠬᠠᠭᠤᠴᠢᠷᠠᠵᠤ ᠪᠠᠶᠢᠬᠤ ᠡᠰᠡᠬᠦ ᠪᠠ ᠳᠤᠷ᠎ᠠ ᠪᠠᠷ ᠢᠶᠠᠨ ᠪᠠᠶᠢᠭᠤᠯᠵᠤ ᠪᠠᠶᠢᠬᠤ ᠡᠰᠡᠬᠦ;ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠢ ᠬᠠᠳᠠᠭᠠᠯᠠᠵᠤ ᠪᠠᠶᠢᠬᠤ ᠡᠰᠡᠬᠦ;ᠢᠯᠠᠩᠭᠤᠶ᠎ᠠ ᠢᠳᠡᠭᠡᠨ ᠤᠮᠳᠠᠭᠠᠨ ᠤ ᠳᠡᠯᠭᠡᠭᠦᠷ ᠤᠨ ᠲᠣᠭᠤᠭᠠᠨ ᠭᠡᠷ ᠤᠨ ᠰᠢᠩᠭᠡᠵᠢᠭᠦᠯᠦᠭᠰᠡᠨ ᠬᠡᠢ ᠶᠢᠨ ᠰᠠᠪᠠ ᠶᠢ ᠠᠮᠤᠷ ᠲᠦᠪᠰᠢᠨ ᠬᠡᠷᠡᠭᠯᠡᠭᠰᠡᠨ ᠡᠰᠡᠬᠦ᠂ ᠬᠡᠷᠡᠭᠯᠡᠭᠰᠡᠨ ᠨᠢ ᠵᠢᠷᠤᠮᠵᠢᠭᠤᠨ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠨᠢ ᠪᠠᠷᠢᠮᠵᠢᠶ᠎ᠠ ᠳᠤ ᠬᠦᠷᠦᠭᠰᠡᠨ ᠡᠰᠡᠬᠦ ᠵᠡᠷᠭᠡ ᠪᠠᠶᠢᠳᠠᠯ ᠤᠨ ᠲᠤᠬᠠᠢ᠂ ᠡᠭᠦᠨ ᠤ ᠬᠠᠮᠲᠤ ᠬᠤᠳᠠᠯᠳᠤᠭᠠᠨ ᠤ ᠫᠦᠰᠡ ᠶᠢᠨ ᠡᠵᠡᠩᠨᠡᠭᠴᠢᠳ ᠲᠤ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠪᠠᠶᠢᠴᠠᠭᠠᠯᠲᠠ ᠪᠠᠨ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠡᠳᠦᠷ ᠲᠤᠲᠤᠮ ᠤᠨ ᠠᠮᠤᠷ ᠲᠦᠪᠰᠢᠨ ᠤ ᠳᠠᠯᠳᠠ ᠬᠡᠮ ᠤᠨ ᠪᠠᠶᠢᠴᠠᠭᠠᠯᠲᠠ ᠶᠢ ᠰᠠᠶᠢᠲᠤᠷ ᠬᠢᠵᠦ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠬᠤ ᠶᠢ ᠰᠠᠨᠠᠭᠤᠯᠵᠤ ᠪᠠᠶᠢᠨ᠎ᠠ᠃      ᠦᠷᠭᠦᠯᠵᠢᠯᠡᠨ ᠵᠢᠭᠰᠠᠭᠠᠨ ᠪᠠᠶᠢᠴᠠᠭᠠᠬᠤ ᠠᠵᠢᠯ ᠢᠶᠠᠷ ᠳᠠᠮᠵᠢᠭᠤᠯᠤᠨ᠂ ᠬᠠᠷᠢᠶᠠᠲᠤ ᠣᠷᠣᠨ ᠤ ᠡᠯ᠎ᠡ ᠲᠠᠯᠠᠪᠤᠷ ᠭᠠᠵᠠᠷ ᠲᠤ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠦᠵᠡᠯ ᠰᠠᠨᠠᠭ᠎ᠠ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠠᠷᠢᠶᠠᠲᠤ ᠣᠷᠣᠨ ᠤ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠦᠨᠡᠨᠬᠦ ᠬᠤᠷᠢᠭᠯᠠᠬᠤ ᠬᠡᠷᠡᠭᠲᠡᠢ᠃ᠲᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠬᠢᠨ ᠵᠢᠭᠰᠠᠭᠠᠨ ᠪᠠᠶᠢᠴᠠᠭᠠᠬᠤ ᠠᠵᠢᠯ ᠢ ᠡᠳᠦᠷ ᠲᠤᠲᠤᠮ ᠤᠨ ᠪᠣᠯᠭᠠᠵᠤ᠂ ᠠᠮᠤᠷ ᠲᠦᠪᠰᠢᠨ ᠤ ᠪᠠᠶᠢᠴᠠᠭᠠᠯᠲᠠ ᠶᠢ ᠪᠠᠶᠢᠩᠭᠤᠵᠢᠭᠤᠯᠵᠤ᠂ ᠬᠠᠷᠢᠶᠠᠲᠤ ᠣᠷᠣᠨ ᠤ ᠠᠮᠤᠷ ᠲᠦᠪᠰᠢᠨ ᠳᠤ ᠪᠠᠲᠤ ᠪᠠᠬᠢ ᠰᠠᠭᠤᠷᠢ ᠲᠠᠯᠪᠢᠵᠤ᠂ ᠬᠤᠳᠠᠯᠳᠤᠭᠠᠴᠢᠨ ᠡᠷᠦᠬᠡ ᠵᠢᠴᠢ ᠰᠠᠭᠤᠭᠠᠯᠢ ᠠᠷᠠᠳ ᠲᠤ ᠠᠮᠤᠷ ᠲᠦᠪᠰᠢᠨ ᠤ ᠴᠢᠬᠤᠯᠠ ᠴᠢᠨᠠᠷ ᠢ ᠤᠯᠠᠮ ᠨᠢᠭᠡ ᠠᠯᠬᠤᠮ ᠲᠠᠨᠢᠭᠤᠯᠤᠨ᠎ᠠ᠃ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠬᠢᠨ ᠪᠠᠰᠠ ᠡᠯ᠎ᠡ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷᠲᠤ ᠴᠢᠨᠠᠷ ᠢ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠡᠶ᠎ᠡ ᠵᠣᠬᠢᠴᠠᠯ ᠲᠠᠢ᠂ ᠲᠣᠭᠲᠠᠭᠤᠨ᠂ ᠠᠮᠤᠷ ᠲᠦᠪᠰᠢᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号