ᠰᠢᠭᠤᠶᠢᠲᠤ ᠵᠡᠭᠡᠯᠢ ᠭᠤᠳᠤᠮᠵᠢ ᠶᠢᠨ ᠬᠢᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠶᠢᠨ ᠰᠢᠨ᠎ᠡ ᠲᠠᠷᠢᠯᠭ᠎ᠠ ᠶᠢᠨ ᠠᠵᠢᠯ ᠢ ᠲᠦᠷᠭᠡᠪᠴᠢᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2022/5/7
     ᠬᠠᠷᠢᠶᠠᠲᠤ ᠣᠷᠣᠨ ᠤ 60 ᠨᠠᠰᠤᠨ   ᠠᠴᠠ ᠳᠡᠭᠡᠭᠰᠢᠬᠢ ᠨᠠᠰᠤᠲᠠᠶᠢᠴᠤᠳ ᠤᠨ ᠰᠢᠨ᠎ᠡ ᠲᠢᠲᠢᠮ ᠲᠠᠢ ᠸᠠᠺᠼᠢᠨ ᠤ ᠲᠠᠷᠢᠯᠭ᠎ᠠ ᠬᠢᠬᠦ ᠠᠵᠢᠯ   ᠢ ᠲᠦᠷᠭᠡᠪᠴᠢᠯᠡᠨ ᠠᠬᠢᠭᠤᠯᠵᠤ᠂ ᠨᠠᠰᠤᠲᠠᠶᠢᠴᠤᠳ   ᠢ ᠳᠠᠶᠢᠴᠢᠯᠠᠨ ᠰᠢᠨ᠎ᠡ ᠲᠢᠲᠢᠮ ᠲᠠᠢ ᠸᠠᠺᠼᠢᠨ ᠤ ᠲᠠᠷᠢᠯᠭ᠎ᠠ ᠬᠢᠯᠭᠡᠵᠦ᠂ ᠨᠠᠰᠤᠲᠠᠶᠢᠴᠤᠳ ᠤᠨ ᠣᠯᠠᠨ ᠲᠦᠮᠡᠨ ᠤ ᠡᠭᠡᠯᠢᠯᠡᠭᠡ   ᠶᠢᠨ ᠬᠠᠯᠬᠠᠪᠴᠢ   ᠶᠢ ᠲᠦᠷᠭᠡᠬᠡᠨ ᠪᠠᠶᠢᠭᠤᠯᠬᠤ   ᠶᠢᠨ ᠲᠥᠯᠥᠭᠡ᠂ ᠣᠶᠢᠷ᠎ᠠ   ᠶᠢᠨ ᠡᠳᠦᠷ ᠤᠳ ᠲᠤ ᠰᠢᠭᠤᠶᠢᠲᠤ ᠵᠡᠭᠡᠯᠢ ᠭᠤᠳᠤᠮᠵᠢ   ᠶᠢᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ   ᠶᠢ ᠵᠡᠷᠭᠡᠪᠡᠷ ᠬᠡᠷᠡᠭᠯᠡᠨ᠂ ᠬᠠᠷᠢᠶᠠᠲᠤ ᠣᠷᠣᠨ ᠤ 60 ᠨᠠᠰᠤᠨ   ᠠᠴᠠ ᠳᠡᠭᠡᠭᠰᠢᠬᠢ ᠨᠠᠰᠤᠲᠠᠶᠢᠴᠤᠳ ᠤᠨ ᠰᠢᠨ᠎ᠡ ᠲᠢᠲᠢᠮ ᠲᠠᠢ ᠸᠠᠺᠼᠢᠨ ᠤ ᠲᠠᠷᠢᠯᠭ᠎ᠠ ᠬᠢᠬᠦ ᠠᠵᠢᠯ   ᠢ ᠪᠥᠬᠦ ᠬᠦᠴᠦᠨ   ᠢᠶᠠᠷ   ᠢᠶᠠᠨ ᠲᠦᠯᠬᠢᠨ ᠠᠬᠢᠭᠤᠯᠵᠤ ᠪᠠᠶᠢᠨ᠎ᠠ᠃       ᠨᠢᠭᠡ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠪᠠ᠃ᠵᠡᠭᠡᠯᠢ ᠭᠤᠳᠤᠮᠵᠢ ᠶᠢᠨ ᠬᠢᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠪᠥᠬᠦ ᠶᠠᠪᠤᠴᠠ ᠶᠢᠨ ᠲᠠᠷᠢᠯᠭ᠎ᠠ ᠶᠢᠨ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠷᠠᠭ ᠤᠨ ᠡᠭᠡᠯᠵᠢᠲᠦ ᠬᠤᠷᠠᠯ᠂ ᠡᠳᠦᠷ ᠤᠨ ᠮᠡᠳᠡᠭᠦᠯᠦᠯᠲᠡ ᠶᠢᠨ ᠬᠦᠰᠦᠨᠦᠭᠲᠦ ᠶᠢᠨ ᠬᠡᠯᠪᠡᠷᠢ ᠪᠠᠷ ᠳᠠᠮᠵᠢᠭᠤᠯᠤᠨ᠂ ᠡᠳᠦᠷ ᠪᠦᠷᠢ ᠶᠢᠨ ᠸᠠᠺᠼᠢᠨ ᠤ ᠲᠠᠷᠢᠯᠭ᠎ᠠ ᠶᠢᠨ ᠠᠬᠢᠴᠠ ᠶᠢ ᠳᠠᠭᠠᠵᠤ᠂ ᠡᠭᠦᠷᠭᠡ ᠶᠢᠨ ᠬᠤᠪᠢᠶᠠᠷᠢᠯᠠᠯᠲᠠ ᠶᠢᠨ ᠬᠦᠰᠦᠨᠦᠭᠲᠦ ᠶᠢ ᠵᠦᠢ ᠵᠣᠬᠢᠰᠲᠠᠢ ᠲᠣᠭᠲᠠᠭᠠᠨ᠂ ᠱᠠᠲᠤ ᠱᠠᠲᠤ ᠪᠠᠷ ᠪᠣᠳᠠᠲᠠᠶᠢᠵᠢᠭᠤᠯᠵᠤ᠂ ᠬᠠᠷᠢᠶᠠᠲᠤ ᠣᠷᠣᠨ ᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠪᠠᠶᠢᠳᠠᠯ ᠢ ᠦᠨᠳᠦᠰᠦᠯᠡᠨ᠂ ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃       ᠬᠤᠶᠠᠷ ᠲᠤ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠣᠯᠠᠨ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ᠎ᠡ᠃ᠬᠠᠷᠢᠶᠠᠲᠤ ᠣᠷᠣᠨ ᠤ 60 ᠨᠠᠰᠤᠨ   ᠠᠴᠠ ᠳᠡᠭᠡᠭᠰᠢᠬᠢ ᠨᠠᠰᠤᠲᠠᠶᠢᠴᠤᠳ ᠲᠤ ᠰᠢᠨ᠎ᠡ ᠲᠠᠷᠢᠯᠭ᠎ᠠ ᠶᠢᠨ ᠸᠠᠺᠼᠢᠨ ᠤ ᠲᠠᠷᠢᠯᠭ᠎ᠠ ᠶᠢᠨ ᠠᠵᠢᠯ ᠢ ᠪᠦᠲᠦᠮᠵᠢᠲᠡᠶ ᠲᠦᠯᠬᠢᠨ ᠠᠬᠢᠭᠤᠯᠬᠤ ᠶᠢᠨ ᠲᠤᠰᠠᠳᠠ᠂ ᠨᠠᠰᠤᠲᠠᠶᠢᠴᠤᠳ ᠤᠨ ᠡᠭᠡᠯᠢᠯᠡᠭᠡ ᠶᠢᠨ ᠬᠠᠯᠬᠠᠪᠴᠢ ᠵᠢ‌ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠤᠯᠪᠤᠭᠠᠯᠠᠨ 60 ᠨᠠᠰᠤᠨ   ᠠᠴᠠ ᠳᠡᠭᠡᠭᠰᠢᠬᠢ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠨᠡᠶᠢᠭᠡᠮ ᠲᠣᠭᠤᠷᠢᠭ ᠤᠨ ᠠᠵᠢᠯᠲᠠᠳ ᠲᠤ ᠡᠷᠡᠭᠦᠯ ᠮᠡᠨᠳᠦ ᠶᠢᠨ ᠮᠡᠳᠡᠯᠭᠡ ᠪᠠ ᠲᠠᠷᠢᠯᠭ᠎ᠠ ᠶᠢᠨ ᠴᠡᠭᠡᠷ ᠤᠨ ᠬᠢᠨᠠᠨ ᠪᠠᠶᠢᠴᠠᠭᠠᠯᠲᠠ ᠶᠢ ᠨᠠᠷᠢᠨ ᠬᠢᠨᠠᠮᠠᠭᠠᠢ ᠬᠠᠷᠢᠭᠤᠯᠵᠤ᠂ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠰᠤᠳᠤᠯᠤᠨ ᠮᠠᠭᠠᠳᠯᠠᠵᠤ᠂ ᠬᠠᠷᠢᠶᠠᠲᠤ ᠣᠷᠣᠨ ᠤ 60 ᠨᠠᠰᠤᠨ   ᠠᠴᠠ ᠳᠡᠭᠡᠭᠰᠢᠬᠢ ᠨᠠᠰᠤᠲᠠᠶᠢᠴᠤᠳ ᠤᠨ ︽ᠭᠥᠯᠢᠶᠡᠨ ᠠᠪᠬᠤ ᠶᠣᠰᠣᠲᠠᠢ ᠶᠢ ᠨᠢ ᠴᠥᠮ ᠭᠥᠯᠢᠶᠡᠨ ᠠᠪᠬᠤ︾ ᠠᠵᠢᠯ ᠢ ᠬᠦᠴᠦ ᠪᠡᠨ‌ᠵᠡᠭᠡᠯᠢ ᠭᠤᠳᠤᠮᠵᠢ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠵᠤ᠂ ᠨᠠᠰᠤᠲᠠᠶᠢᠴᠤᠳ ᠲᠤ ᠲᠠᠷᠢᠯᠭ᠎ᠠ ᠶᠢᠨ ᠵᠥᠪᠰᠢᠶᠡᠷᠡᠯ ᠤᠨ ᠪᠢᠴᠢᠭ ᠲᠠᠭᠯᠠᠵᠤ᠂ ᠸᠠᠺᠼᠢᠨ ᠤ ᠲᠠᠷᠢᠯᠭ᠎ᠠ ᠶᠢ ᠳᠠᠩᠰᠠᠯᠠᠭᠰᠠᠨ ᠤ ᠳᠠᠷᠠᠭ᠎ᠠ ᠮᠥᠷᠯᠡᠨ ᠵᠣᠭᠰᠣᠵᠤ ᠦᠢᠯᠡᠴᠢᠯᠡᠭᠡ ᠪᠠᠲᠤᠯᠠᠭ᠎ᠠ ᠶᠢ ᠬᠦᠯᠢᠶᠡᠬᠦ ᠠᠵᠢᠯ ᠢ ᠰᠠᠶᠢᠲᠤᠷ ᠬᠢᠵᠦ᠂ ᠪᠦᠬᠦᠶᠢᠯᠡ ᠶᠠᠪᠤᠴᠠ ᠶᠢ ᠳᠥᠭᠦᠮ ᠳᠥᠲᠡ ᠪᠣᠯᠭᠠᠭᠰᠠᠨ ᠪᠠᠶᠢᠨ᠎ᠠ᠃ᠰᠠᠶᠢᠨ ᠳᠤᠷ᠎ᠠ ᠶᠢᠨ ᠠᠵᠢᠯᠯᠠᠭᠴᠢ ᠨᠢᠭᠡ ᠲᠠᠯ᠎ᠠ ᠪᠠᠷ ᠲᠤᠬᠠᠢ ᠶᠢᠨ ᠲᠠᠯᠠᠪᠤᠷ ᠲᠤ ᠡᠯ᠎ᠡ ᠵᠦᠢᠯ ᠤᠨ ᠬᠡᠷᠡᠭ ᠶᠠᠪᠤᠳᠠᠯ ᠢ ᠬᠠᠪᠰᠤᠷᠤᠨ ᠵᠣᠬᠢᠴᠠᠭᠤᠯᠵᠤ᠂ ᠨᠦᠭᠦᠭᠡ ᠲᠠᠯ᠎ᠠ ᠪᠠᠷ ᠨᠠᠰᠤᠲᠠᠶᠢᠴᠤᠳ ᠤᠨ ᠤᠶᠤᠨ ᠰᠠᠨᠠᠭᠠᠨ ᠤ ᠪᠠᠶᠢᠳᠠᠯ ᠪᠣᠯᠣᠨ ᠪᠡᠶ᠎ᠡ ᠮᠠᠬᠠᠪᠤᠳ ᠤᠨ ᠪᠠᠶᠢᠳᠠᠯ ᠢ ᠨᠢᠭᠲᠠ ᠠᠩᠬᠠᠷᠴᠤ᠂ ᠬᠥᠯ ᠭᠠᠷ ᠳᠥᠭᠦᠮ ᠦᠭᠡᠢ ᠨᠠᠰᠤᠲᠠᠶᠢᠴᠤᠳ ᠲᠤ ᠴᠠᠭ ᠲᠤᠬᠠᠢ ᠳᠤᠨᠢ ᠰᠠᠭᠤᠳᠠᠯ ᠬᠠᠩᠭᠠᠵᠤ ᠥᠭᠴᠡᠢ᠃ᠡᠭᠦᠨ ᠤ ᠵᠡᠷᠭᠡ ᠳᠤ᠂ ᠭᠠᠷ ᠬᠥᠯ ᠨᠢ ᠳᠥᠭᠦᠮ ᠦᠭᠡᠢ ᠪᠠᠶᠢᠭ᠎ᠠ ᠬᠠᠷᠢᠶ᠎ᠠ ᠣᠷᠣᠨ ᠤ ᠨᠠᠰᠤᠲᠠᠶᠢᠴᠤᠳ ᠲᠤ ᠲᠤᠰᠬᠠᠢ ᠲᠡᠷᠭᠡ ᠲᠣᠬᠢᠷᠠᠭᠤᠯᠤᠨ ᠲᠤᠰᠬᠠᠢ ᠬᠥᠮᠥᠨ ᠲᠤᠰᠬᠠᠨ ᠬᠦᠷᠭᠡᠵᠦ᠂ ᠸᠠᠺᠼᠢᠨ ᠤ ᠲᠠᠷᠢᠯᠭ᠎ᠠ ᠬᠢᠵᠦ ᠪᠠᠶᠢᠭ᠎ᠠ ᠨᠠᠰᠤᠲᠠᠶᠢᠴᠤᠳ ᠲᠤ ᠴᠢᠭᠯᠡᠭᠦᠯᠦᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠠᠵᠢᠯᠲᠠᠳ ᠤᠨ ᠬᠠᠯᠠᠭᠤᠨ ᠳᠣᠲᠣᠨᠣ ᠦᠢᠯᠡᠴᠢᠯᠡᠭᠡ   ᠶᠢ ᠮᠠᠭᠲᠠᠨ ᠰᠠᠶᠢᠰᠢᠶᠠᠵᠤ ᠪᠠᠶᠢᠨ᠎ᠠ᠃

     ᠭᠤᠷᠪᠠ ᠳᠤ ᠡᠭᠦᠳᠡ ᠲᠣᠭᠰᠢᠵᠤ ᠳᠠᠶᠢᠴᠢᠯᠠᠬᠤ᠂ ᠡᠷᠦᠬᠡ ᠳᠤ ᠣᠷᠣᠵᠤ ᠤᠬᠠᠭᠤᠯᠤᠨ ᠳᠠᠶᠢᠴᠢᠯᠠᠬᠤ᠃

ᠸᠠᠺᠼᠢᠨ ᠤ ᠲᠠᠷᠢᠯᠭ᠎ᠠ ᠶᠢᠨ ᠮᠡᠳᠡᠬᠦ ᠨᠣᠷᠮ᠎ᠠ ᠶᠢ ᠥᠷᠭᠡᠳᠬᠡᠬᠦ ᠶᠢᠨ ᠲᠥᠯᠥᠭᠡ᠂ ᠨᠡᠶᠢᠭᠡᠮ ᠲᠣᠭᠤᠷᠢᠭ ᠤᠨ ᠠᠵᠢᠯᠲᠠᠳ

ᠵᠡᠭᠡᠯᠢ ᠭᠤᠳᠤᠮᠵᠢ ᠪᠠᠷ ᠶᠠᠪᠤᠵᠤ᠂ ᠡᠷᠦᠬᠡ ᠳᠠᠷᠠᠭᠠᠯᠠᠨ ᠸᠠᠺᠼᠢᠨ ᠤ ᠲᠠᠷᠢᠯᠭ᠎ᠠ ᠶᠢᠨ ᠠᠵᠢᠯᠲᠠᠨ ᠤ ᠮᠡᠳᠡᠭᠡ ᠵᠠᠩᠭᠢ ᠶᠢ

ᠡᠷᠢᠨ ᠭᠠᠷᠭᠠᠵᠤ᠂ ᠬᠠᠷᠢᠶᠠᠲᠤ ᠣᠷᠣᠨ ᠤ ᠪᠠᠨ 60 ᠨᠠᠰᠤᠨ   ᠠᠴᠠ ᠳᠡᠭᠡᠭᠰᠢᠬᠢ ᠨᠠᠰᠤᠲᠠᠶᠢᠴᠤᠳ ᠲᠤ ᠬᠢᠵᠢᠭ

ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠦᠨ᠂ ᠸᠠᠺᠼᠢᠨ ᠤ ᠲᠠᠷᠢᠯᠭ᠎ᠠ ᠶᠢᠨ ᠲᠥᠷᠥ ᠶᠢᠨ ᠪᠣᠳᠣᠯᠭ᠎ᠠ᠂ ᠤᠯᠤᠰ ᠤᠨ

ᠳᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠵᠡᠷᠭᠡ ᠠᠷᠭ᠎ᠠ ᠬᠡᠮᠵᠢᠶ᠎ᠡ ᠶᠢ

ᠲᠤᠬᠠᠢ ᠶᠢᠨ ᠲᠠᠯᠠᠪᠤᠷ ᠲᠤ ᠲᠠᠶᠢᠯᠪᠤᠷᠢᠯᠠᠬᠤ ᠪᠠᠷ ᠳᠠᠮᠵᠢᠭᠤᠯᠤᠨ᠂ ᠸᠠᠺᠼᠢᠨ ᠤ ᠲᠠᠷᠢᠯᠭ᠎ᠠ ᠶᠢᠨ ᠠᠵᠢᠯ ᠤᠨ ᠥᠷᠭᠡᠴᠡ

ᠪᠠ ᠭᠦᠨᠴᠡ ᠶᠢ ᠣᠯᠠᠨ ᠲᠠᠯ᠎ᠠ ᠠᠴᠠ᠂ ᠣᠯᠠᠨ ᠠᠷᠭ᠎ᠠ ᠮᠠᠶ᠋ᠢᠭ ᠢᠶᠠᠷ ᠥᠷᠭᠡᠳᠬᠡᠨ ᠤᠬᠠᠭᠤᠯᠪᠠ᠃ᠨᠥᠭᠦᠭᠡ

ᠲᠠᠯ᠎ᠠ ᠪᠠᠷ ᠬᠢᠵᠢᠭ   ᠢ ᠰᠡᠷᠭᠡᠶᠢᠯᠡᠬᠦ ᠵᠠᠷᠯᠠᠯ ᠨᠠᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠪᠦᠷᠢᠶ᠎ᠡ ᠪᠠᠷ ᠨᠡᠪᠲᠡᠷᠡᠭᠦᠯᠬᠦ

ᠵᠢᠴᠢ ᠸᠢᠴᠠᠲ ᠤᠨ ᠪᠦᠯᠦᠭ᠂ ᠤᠲᠠᠰᠤ ᠠᠪᠬᠤ ᠵᠡᠷᠭᠡ ᠠᠷᠭ᠎ᠠ ᠮᠠᠶ᠋ᠢᠭ   ᠢ ᠠᠰᠢᠭᠯᠠᠨ ᠤᠬᠠᠭᠤᠯᠤᠨ ᠳᠠᠶᠢᠴᠢᠯᠠᠵᠤ᠂

ᠤᠬᠠᠭᠤᠯᠤᠨ ᠳᠠᠶᠢᠴᠢᠯᠠᠬᠤ   ᠶᠢ ᠨᠡᠶᠢᠳᠡᠮ ᠪᠦᠷᠬᠦᠭᠦᠯᠵᠦ᠂ ᠥᠨᠴᠥᠭ ᠪᠤᠯᠤᠩ ᠦᠭᠡᠢ ᠪᠠᠶᠢᠯᠭᠠᠬᠤ   ᠶᠢ ᠦᠨᠡᠨᠬᠦ

ᠪᠡᠶᠡᠯᠡᠭᠦᠯᠬᠦ ᠬᠡᠷᠡᠭᠲᠡᠢ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号