ᠰᠢᠭᠤᠶᠢᠲᠤ ᠵᠡᠭᠡᠯᠢ ᠭᠤᠳᠤᠮᠵᠢ ᠶᠢᠨ ᠬᠢᠨ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠦᠷᠢ︾ ᠶᠢ ᠡᠷᠦᠬᠡ ᠳᠤ ᠣᠷᠣᠭᠤᠯᠵᠤ ᠭᠦᠢᠴᠡᠳᠬᠡᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2022/5/7
      ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠦᠷᠢ︾ ᠶᠢᠨ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠂ ᠵᠡᠮᠳᠡᠭᠴᠦᠳ ᠤᠨ ᠭᠡᠷ ᠪᠦᠯᠢ ᠳᠤ ᠨᠡᠶᠢᠳᠡᠮ ᠲᠤᠯᠭᠠᠷᠠᠵᠤ ᠪᠠᠶᠢᠭ᠎ᠠ ᠠᠮᠢᠳᠤᠷᠠᠯ ᠤᠨ ᠬᠦᠴᠢᠷᠳᠡᠯ ᠪᠠ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠬᠦᠴᠢᠷᠳᠡᠯ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠂ ᠣᠶᠢᠷ᠎ᠠ ᠳᠤ᠂ ᠵᠡᠭᠡᠯᠢ ᠭᠤᠳᠤᠮᠵᠢ ᠶᠢᠨ ᠬᠢᠨ ᠠᠵᠢᠯᠲᠠᠨ᠂ ᠲᠤᠰᠬᠠᠢ ᠲᠤᠰᠢᠶᠠᠯᠲᠤ ᠭᠡᠰᠢᠭᠦᠳ ᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠪᠠᠨ ᠦᠨᠡᠮᠯᠡᠯ ᠲᠠᠢ ᠵᠡᠮᠳᠡᠭᠴᠦᠳ ᠢ ᠡᠷᠦᠬᠡ ᠳᠤ ᠬᠦᠷᠴᠦ ᠰᠤᠷᠪᠤᠯᠵᠢᠯᠠᠪᠠ᠃

     ᠡᠷᠦᠬᠡ ᠳᠤ ᠣᠷᠣᠬᠤ ᠶᠠᠪᠤᠴᠠ ᠳᠤ᠂ ᠠᠵᠢᠯᠲᠠᠳ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠮᠤᠷᠬᠤ

ᠬᠡᠪᠴᠢᠶ᠎ᠡ ᠶᠢ ᠡᠷᠬᠡᠪᠰᠢ ᠪᠠᠲᠤᠯᠠᠵᠤ᠂ ᠬᠦᠴᠢᠷᠳᠡᠯᠲᠡᠢ ᠵᠡᠮᠳᠡᠭᠴᠦᠳ ᠢᠯᠠᠩᠭᠤᠶ᠎ᠠ ᠶᠠᠳᠠᠭᠤ ᠬᠦᠴᠢᠷᠳᠡᠯᠲᠡᠢ

ᠵᠡᠮᠳᠡᠭᠴᠦᠳ ᠤᠨ ᠨᠢᠭᠡ ᠶᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠨᠥᠬᠦᠪᠦᠷᠢᠯᠡᠬᠦ

ᠶᠣᠰᠣᠲᠠᠢ ᠶᠢ ᠨᠢ ᠪᠦᠬᠦᠨ ᠢ ᠨᠥᠬᠦᠪᠦᠷᠢᠯᠡᠵᠦ᠂ ᠪᠤᠴᠠᠭᠠᠬᠤ ᠶᠣᠰᠣᠲᠠᠢ ᠶᠢ ᠨᠢ ᠪᠦᠬᠦᠨ ᠢ ᠪᠤᠴᠠᠭᠠᠬᠤ ᠶᠢ

ᠪᠡᠶᠡᠯᠡᠭᠦᠯᠦᠨ᠂ ᠦᠬᠦᠭᠰᠡᠨ᠂ ᠬᠠᠷᠢᠯᠴᠠᠭ᠎ᠠ ᠲᠠᠰᠤᠷᠠᠭᠰᠠᠨ᠂ ᠡᠷᠦᠬᠡ ᠠᠮᠠ ᠶᠢᠨ ᠲᠠᠩᠰᠠ ᠶᠢ ᠬᠠᠷᠢᠶᠠᠲᠤ ᠣᠷᠣᠨ  

 ᠠᠴᠠ ᠰᠢᠯᠵᠢᠭᠦᠯᠦᠨ ᠭᠠᠷᠭᠠᠭᠰᠠᠨ ᠵᠡᠷᠭᠡ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ︽ᠬᠤᠶᠠᠷ ᠵᠦᠢᠯ ᠤᠨ

ᠨᠥᠬᠦᠪᠦᠷᠢ︾ ᠶᠢᠨ ᠮᠡᠳᠡᠭᠦᠯᠬᠦ ᠠᠵᠢᠯ ᠢ ᠴᠠᠭ ᠲᠤᠬᠠᠢ ᠳᠤᠨᠢ ᠵᠣᠭᠰᠤᠭᠠᠬᠤ ᠬᠡᠷᠡᠭᠲᠡᠢ᠃

     ᠭᠡᠷ ᠡᠷᠦᠬᠡ ᠳᠤ ᠬᠦᠷᠴᠦ ᠪᠠᠶᠢᠴᠠᠭᠠᠯᠲᠠ ᠬᠢᠬᠦ ᠪᠠᠷ ᠳᠠᠮᠵᠢᠭᠤᠯᠤᠨ᠂ ᠵᠡᠮᠳᠡᠭᠴᠦᠳ ᠲᠤ ᠬᠠᠷᠠᠭᠠᠯᠵᠠᠯ

ᠦᠵᠡᠭᠦᠯᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠢᠯᠡ᠂ ᠡᠷᠬᠡ ᠲᠡᠭᠰᠢ᠂ ᠲᠥᠪ ᠭᠤᠥᠯᠴᠢ ᠪᠠᠶᠢᠬᠤ

ᠵᠠᠷᠴᠢᠮ ᠢ ᠪᠠᠷᠢᠮᠲᠠᠯᠠᠨ᠂ ᠵᠡᠮᠳᠡᠭᠴᠦᠳ ᠲᠤ ᠬᠤᠶᠠᠷ ᠵᠦᠢᠯ ᠤᠨ ᠨᠥᠬᠦᠪᠦᠷᠢ ᠮᠡᠳᠡᠭᠦᠯᠬᠦ ᠠᠵᠢᠯ ᠢ ᠬᠢᠨᠠᠮᠠᠭᠠᠢ

ᠭᠦᠢᠴᠡᠳᠬᠡᠵᠦ᠂ ᠬᠤᠶᠠᠷ ᠵᠦᠢᠯ ᠤᠨ ᠨᠥᠬᠦᠪᠦᠷᠢ ᠣᠯᠭᠤᠭᠰᠠᠨ ᠪᠠᠶᠢᠳᠠᠯ ᠢ ᠴᠠᠭ ᠲᠤᠬᠠᠢ ᠳᠤᠨᠢ ᠵᠠᠷᠯᠠᠨ ᠨᠡᠶᠢᠲᠡᠯᠡᠵᠦ

᠂ ᠵᠦᠭᠡᠷ ᠨᠡᠶᠢᠲᠡᠯᠡᠬᠦ᠂ ᠣᠷᠬᠢᠭᠳᠠᠭᠤᠯᠬᠤ ᠦᠭᠡᠢ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠦᠭᠡᠢ ᠪᠠᠶᠢᠬᠤ ᠶᠢ

ᠪᠡᠶᠡᠯᠡᠭᠦᠯᠦᠨ᠂ ᠵᠡᠮᠳᠡᠭᠴᠦᠳ ᠲᠤ ᠠᠰᠢᠭ ᠬᠦᠷᠲᠡᠭᠡᠬᠦ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠪᠣᠳᠠᠲᠠᠢ ᠳᠤ

ᠨᠠᠶᠢᠳᠠᠪᠤᠷᠢᠵᠢᠭᠤᠯᠵᠤ᠂ ᠨᠡᠶᠢᠲᠡ 4 ᠳ᠋ᠦᠭᠡᠷ ᠰᠠᠷ᠎ᠠ ᠳᠤ 34 ᠬᠦᠨᠳᠦ ᠵᠡᠮᠳᠡᠭᠴᠦᠳ ᠤᠨ ᠰᠤᠪᠢᠯᠠᠯᠲᠠ ᠶᠢᠨ

ᠨᠥᠬᠦᠪᠦᠷᠢ᠂ 45 ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠶᠢ ᠭᠦᠢᠴᠡᠳᠬᠡᠪᠡ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号