ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ 34 ᠳ᠋ᠦᠭᠡᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/7
      2022 ᠣᠨ ᠪᠣᠯ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠦᠭᠰᠡᠨ 70 ᠳ᠋ᠤᠭᠠᠷ ᠵᠢᠯ ᠤᠨ ᠤᠢ ᠪᠣᠯᠣᠨ᠎ᠠ᠂ 4 ᠰᠠᠷ᠎ᠠ ᠪᠣᠯ ᠮᠥᠨᠴᠦ 34 ᠳ᠋ᠦᠭᠡᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠪᠣᠯᠣᠨ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠭᠡᠨ ᠢᠶᠠᠷ ᠤᠬᠠᠭᠤᠯᠤᠨ ᠥᠷᠨᠢᠭᠦᠯᠬᠦ ᠶᠢᠨ ᠲᠥᠯᠥᠭᠡ᠂ 4 ᠰᠠᠷ᠎ᠠ ᠶᠢᠨ 20  ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ︽ᠪᠣᠯᠪᠠᠰᠤᠨ ᠡᠷᠡᠭᠦᠯ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ︾ ᠪᠠᠷ ᠭᠤᠣᠯ ᠰᠡᠳᠦᠪ ᠪᠣᠯᠭᠠᠭᠰᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃

     ᠠᠵᠢᠯᠯᠠᠭ᠎ᠠ ᠨᠢ ᠬᠠᠷᠢᠶ᠎ᠠ ᠣᠷᠣᠨ ᠳᠠᠭᠠᠨ ᠵᠠᠷᠯᠠᠯ ᠨᠠᠭᠠᠬᠤ ᠪᠠᠷ ᠳᠡᠮᠵᠢᠨ᠂ ᠣᠯᠠᠨ ᠲᠦᠮᠡᠨ ᠤ ᠰᠢᠨᠵᠢᠯᠡᠬᠦ

ᠤᠬᠠᠭᠠᠨ ᠢ ᠲᠦᠭᠡᠮᠡᠯᠵᠢᠭᠦᠯᠬᠦ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠤᠭ ᠨᠣᠪᠰᠢ ᠶᠢ ᠲᠥᠷᠥᠯ

ᠬᠤᠪᠢᠶᠠᠬᠤ ᠵᠢᠴᠢ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠦᠢᠯᠡᠳᠬᠦ ᠬᠠᠮᠢᠶ᠎ᠠ ᠪᠦᠬᠦᠢ ᠮᠡᠳᠡᠯᠭᠡ ᠶᠢ

ᠤᠬᠠᠭᠤᠯᠵᠤ᠂ ᠰᠢᠨᠵᠢᠯᠡᠬᠦ ᠤᠬᠠᠭᠠᠨᠴᠢ ᠡᠷᠡᠭᠦᠯ ᠮᠡᠨᠳᠦ   ᠶᠢᠨ ᠣᠶᠢᠯᠠᠭᠠᠭᠳᠠᠬᠤᠨ   ᠢ ᠣᠶᠤᠨ ᠲᠠᠷᠢᠬᠢᠨ ᠳᠤ

ᠬᠠᠳᠠᠩᠰᠢᠭᠤᠯᠵᠤ᠂ ᠥᠷᠭᠡᠨ ᠣᠯᠠᠨ ᠰᠠᠭᠤᠭᠠᠯᠢ ᠠᠷᠠᠳ   ᠢ ᠤᠷᠢᠶᠠᠯᠠᠨ ᠪᠣᠯᠪᠠᠰᠤᠨ ᠡᠷᠡᠭᠦᠯ᠂ ᠪᠣᠬᠢᠷᠳᠤᠯ ᠦᠭᠡᠢ

ᠣᠷᠴᠢᠨ ᠠᠬᠤᠢ   ᠶᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ   ᠢ ᠪᠣᠶ ᠪᠣᠯᠭᠠᠵᠤ᠂ ᠡᠷᠡᠭᠦᠯ ᠰᠠᠷᠠᠭᠤᠯ

ᠰᠡᠳᠬᠢᠴᠡ   ᠶᠢᠨ ᠪᠠᠶᠢᠳᠠᠯ   ᠢ ᠪᠠᠲᠤᠯᠠᠵᠤ᠂ ᠥᠪᠡᠷ   ᠢ ᠪᠠᠨ ᠬᠠᠮᠠᠭᠠᠯᠠᠬᠤ ᠤᠬᠠᠮᠰᠠᠷ   ᠢ ᠳᠡᠭᠡᠭᠰᠢᠯᠡᠭᠦᠯᠦᠨ᠂

ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠭᠤᠯᠵᠤ᠂ ᠬᠢᠵᠢᠭ ᠤᠨ

ᠪᠠᠶᠢᠳᠠᠯ   ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ   ᠢ ᠪᠠᠬᠢᠵᠢᠭᠦᠯᠬᠦ ᠳᠤ ᠦᠷᠭᠦᠯᠵᠢᠯᠡᠨ ᠬᠦᠴᠦᠨ ᠴᠢᠳᠠᠯ ᠢᠶᠠᠨ

ᠡᠷᠭᠦᠬᠦ ᠬᠡᠷᠡᠭᠲᠡᠢ ᠭᠡᠵᠡᠢ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号