ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠵᠤ ᠲᠥᠪᠯᠡᠷᠡᠭᠦᠯᠦᠨ ᠠᠵᠢᠯᠯᠠᠪᠠ
ᠨᠡᠶᠢᠲᠡᠯᠡᠭᠰᠡᠨ ᠴᠠᠭ᠄
2022/5/7
        ︽ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ   ᠶᠢ ᠬᠠᠮᠲᠤ ᠪᠠᠷ ᠡᠳ᠋ᠯᠡᠬᠦ ᠵᠣᠬᠢᠴᠠᠭᠤᠯᠬᠤ ᠲᠣᠭᠲᠠᠴᠠ   ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠭ᠎ᠠ ᠪᠠᠷᠢᠮᠲᠠ   ᠶᠢ ᠡᠮᠬᠢ ᠵᠢᠷᠤᠮ  ᠲᠠᠢ ᠪᠠᠷ ᠬᠠᠮᠲᠤ ᠪᠠᠷ ᠡᠳ᠋ᠯᠡᠬᠦ   ᠶᠢ ᠲᠦᠷᠭᠡᠪᠴᠢᠯᠡᠨ ᠠᠬᠢᠭᠤᠯᠬᠤ ᠲᠤᠬᠠᠢ ᠲᠥᠷᠥ   ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ︽2021︾ 6 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ   ᠶᠢ ᠲᠤᠤᠱᠯᠠᠭᠤᠯᠬᠤ   ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤᠪᠠᠷ ᠭᠥᠷᠳᠡᠬᠦ ᠶᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠳ᠋ᠠᠶᠢᠲ᠋ᠠ ᠶᠢ ᠡᠮᠬᠢ ᠵᠢᠷᠤᠮ ᠲᠠᠢ ᠬᠠᠮᠲᠤᠪᠠᠷ ᠭᠥᠷᠳᠡᠬᠦ ᠶᠢ ᠲᠦᠷᠭᠡᠳᠬᠡᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 27 ᠳ᠋ᠤᠭᠠᠷ ᠲᠣᠭᠠᠲᠤ︶ ᠤᠨ ᠭᠤᠣᠯᠳᠠᠯᠭ᠎ᠠ ᠲᠠᠢ ᠡᠭᠦᠷᠭᠡ ᠪᠠ ᠠᠵᠢᠯ ᠤᠨ ᠬᠤᠪᠢᠶᠠᠷᠢᠯᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ ᠵᠠᠰᠠᠭ ᠤᠨ ᠶᠠᠪᠤᠳᠠᠯ ᠤᠨ ᠳ᠋ᠠᠶᠢᠲ᠋ᠠ ᠶᠢ 100% ᠪᠠᠷ ᠴᠤᠭᠯᠠᠭᠤᠯᠬᠤ ᠶᠢ ᠪᠡᠶᠡᠯᠡᠭᠦᠯᠵᠦ᠂ ᠪᠤᠭᠤᠲᠤ ᠬᠤᠲᠠ ᠶᠢᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠳᠤ ᠬᠦᠴᠦ ᠨᠡᠮᠡᠷᠢᠯᠡᠨ᠎ᠡ᠃ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠵᠤ ᠲᠥᠪᠯᠡᠷᠡᠭᠦᠯᠦᠨ2022 ᠣᠨ ᠤ 4 ᠰᠠᠷ᠎ᠠ ᠶᠢᠨ 13  ᠤ ᠡᠳᠦᠷ ᠮᠠᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠪᠦᠬᠦ ᠣᠷᠣᠨ ᠤ 17 ᠰᠠᠯᠠᠭ᠎ᠠ ᠮᠥᠴᠢᠷ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠬᠡᠷᠡᠭ ᠶᠠᠪᠤᠳᠠᠯ ᠢ ᠲᠠᠨᠢᠵᠤ ᠠᠪᠬᠤ ᠨᠠᠶᠢᠷᠠᠭᠤᠯᠤᠨ ᠮᠡᠳᠡᠭᠦᠯᠬᠦ ᠪᠠ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠬᠠᠷᠢᠭᠤᠴᠠᠬᠤ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠴᠤᠭᠯᠠᠭᠤᠯᠵᠤ᠂ ᠴᠠᠭ ᠤᠨ ᠬᠦᠰᠦᠨᠦᠭᠲᠦ ᠶᠣᠰᠣᠭᠠᠷ ᠰᠢᠭᠤᠶᠢᠲᠤ ᠲᠣᠭᠤᠷᠢᠭ ᠤᠨ ᠬᠤᠳᠠ ᠶᠢᠨ ᠠᠷᠠᠳ ᠤᠨ ᠶᠡᠭᠡ ᠲᠢᠩᠬᠢᠮ ᠤᠨ 211 ᠳᠤ ᠠᠵᠢᠯᠯᠠᠪᠠ᠃ᠨᠢᠭᠡ ᠭᠠᠷᠠᠭ ᠤᠨ ᠴᠠᠭ ᠢ ᠠᠰᠢᠭᠯᠠᠨ ᠡᠯ᠎ᠡ ᠨᠢᠭᠡᠴᠡ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ︵http://59.196.23.140︶ ᠪᠠᠷ ᠳᠠᠮᠵᠢᠭᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠲᠠᠢ ᠬᠠᠷᠢᠴᠠᠭᠤᠯᠤᠨ ᠪᠠᠷᠢᠮᠵᠢᠶᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠵᠤ᠂ ᠡᠯ᠎ᠡ ᠨᠢᠭᠡᠴᠡ ᠶᠢᠨ ᠬᠠᠷᠠᠭᠠᠯᠵᠠᠭᠰᠠᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠲᠠᠨᠢᠵᠤ ᠠᠪᠬᠤ ᠶᠢᠨ ᠬᠠᠮᠲᠤ ᠴᠠᠭ ᠲᠤᠬᠠᠢ ᠳᠤᠨᠢ ᠡᠯᠭᠦᠬᠦ ᠠᠵᠢᠯ ᠢ ᠰᠠᠶᠢᠲᠤᠷ ᠬᠢᠪᠡ᠃
       ᠲᠣᠰ ᠤᠳᠠᠭ᠎ᠠ ᠳᠤ ᠣᠯᠠᠨ ᠨᠡᠶᠢᠲᠡ ᠶᠢᠨ ᠲᠠᠨᠢᠵᠤ ᠠᠪᠬᠤ ᠡᠯ᠎ᠡ ᠲᠥᠷᠥᠯ ᠤᠨ 240 ᠵᠦᠢᠯ ᠤᠨ ᠤᠴᠢᠷ ᠶᠠᠪᠤᠳᠠᠯ ᠢ ᠲᠥᠪᠯᠡᠷᠡᠭᠦᠯᠦᠨ ᠭᠦᠢᠴᠡᠳᠬᠡᠭᠰᠡᠨ ᠪᠥᠭᠡᠳ ᠲᠣᠰ ᠤᠳᠠᠭ᠎ᠠ ᠶᠢᠨ ᠲᠥᠪᠯᠡᠷᠡᠭᠦᠯᠦᠨ ᠠᠵᠢᠯᠯᠠᠬᠤ ᠪᠠᠷ ᠳᠠᠮᠵᠢᠭᠤᠯᠤᠨ᠂ ᠠᠵᠢᠯ ᠤᠨ ᠡᠭᠦᠷᠭᠡ ᠶᠢ ᠲᠣᠭᠲᠠᠭᠰᠠᠨ ᠴᠠᠭ ᠤᠨ ᠳᠣᠲᠣᠷ᠎ᠠ ᠪᠡᠶᠡᠯᠡᠭᠦᠯᠵᠦ᠂ ᠡᠯ᠎ᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠠᠵᠢᠯᠲᠠᠨ ᠤ ᠲᠠᠪᠴᠠᠩ ᠤᠨ ᠠᠵᠢᠯᠯᠠᠭ᠎ᠠ ᠶᠢ ᠴᠤ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号