ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠲᠣᠭᠤᠷᠢᠭ ᠤᠨ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠲᠣᠭᠤᠷᠢᠨ ᠪᠠᠶᠢᠴᠠᠭᠠᠬᠤ ᠳᠠᠶᠢᠴᠢᠯᠠᠯᠲᠠ ᠶᠢᠨ  ᠬᠤᠷᠠᠯ ᠬᠢᠪᠡ
ᠨᠡᠶᠢᠲᠡᠯᠡᠭᠰᠡᠨ ᠴᠠᠭ᠄
2022/5/7
       4 ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠱᠢ ᠭᠤᠸᠠᠢ ᠲᠣᠭᠤᠷᠢᠭ ᠤᠨ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠴᠠᠭᠳᠠᠨ ᠪᠠᠶᠢᠴᠠᠭᠠᠬᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠳᠠᠶᠢᠴᠢᠯᠠᠯᠲᠠ ᠶᠢᠨ ᠬᠤᠷᠠᠯ A ᠰᠠᠭᠤᠳᠠᠯ ᠤᠨ 118 ᠬᠤᠷᠠᠯ ᠤᠨ ᠭᠡᠷ ᠲᠤ ᠬᠤᠷᠠᠯᠳᠤᠵᠤ᠂ ᠲᠣᠭᠤᠷᠢᠭ ᠤᠨ ᠨᠠᠮ ᠤᠨ ᠬᠤᠷᠢᠶᠠᠨ ᠤ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠪᠥᠬᠦ ᠪᠦᠷᠢᠯᠳᠦᠭᠦᠨ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠪᠥᠬᠦ ᠪᠦᠷᠢᠯᠳᠦᠭᠦᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠳᠤᠭᠤᠶᠢᠯᠠᠩ ᠤᠨ ᠳᠠᠷᠤᠭ᠎ᠠ ᠸᠠᠩ ᠶᠢᠨ ᠱᠦᠨ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠴᠠᠭᠳᠠᠨ ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠴᠢᠬᠤᠯᠠᠴᠢᠯᠠᠨ᠂ ᠴᠠᠭᠳᠠᠨ ᠪᠠᠶᠢᠴᠠᠭᠠᠬᠤ ᠨᠢᠭᠡᠴᠡ ᠶᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠷᠣᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠳᠤ ᠲᠦᠷᠭᠡᠨ ᠪᠥᠭᠡᠳ ᠴᠢᠨᠠᠷ ᠰᠠᠶᠢᠲᠠᠢ ᠬᠠᠮᠵᠢᠯᠴᠠᠨ᠂ ᠲᠥᠪ ᠴᠢᠩᠭ᠎ᠠ ᠨᠠᠷᠢᠨ ᠬᠢᠨᠠᠮᠠᠭᠠᠢ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ᠂ ᠦᠨᠡᠨ ᠠᠴᠠ ᠵᠥᠪ ᠢ ᠡᠷᠢᠬᠦ ᠰᠤᠷᠲᠠᠯ ᠢᠶᠠᠷ ︽ᠠᠳᠠᠯᠢ ᠰᠡᠳᠦᠪ ᠢ ᠬᠠᠮᠲᠤ ᠪᠠᠷ ᠬᠠᠷᠢᠭᠤᠯᠬᠤ︾ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠴᠠᠭᠳᠠᠨ ᠪᠠᠶᠢᠴᠠᠭᠠᠬᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭ᠎ᠠ ᠪᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠳᠤ ᠢᠳᠡᠪᠬᠢᠲᠡᠢ ᠬᠠᠮᠵᠢᠯᠴᠠᠵᠤ᠂ ᠲᠣᠭᠤᠷᠢᠨ ᠪᠠᠶᠢᠴᠠᠭᠠᠬᠤ ᠠᠵᠢᠯ ᠤᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠵᠥᠪ ᠢᠶᠠᠷ ᠬᠠᠨᠳᠤᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ ᠭᠡᠵᠦ ᠢᠯᠡᠳᠬᠡᠪᠡ᠃ᠬᠤᠷᠠᠯ ᠤᠨ ᠲᠠᠷᠠᠭ᠎ᠠ᠂ ᠨᠠᠮ ᠤᠨ ᠠᠵᠢᠯᠯᠠᠬᠤ ᠬᠤᠷᠢᠶᠠᠨ ᠤ ᠪᠦᠬᠦ ᠺᠠᠳ᠋ᠷ ᠠᠵᠢᠯᠲᠠᠨ ᠠᠵᠢᠯᠴᠢᠨ ᠶᠢᠰᠦᠨ ᠲᠠᠯ᠎ᠠ ᠶᠢᠨ ᠪᠠᠶᠢᠳᠠᠯ ᠳᠤ ᠴᠢᠭᠯᠡᠭᠦᠯᠦᠨ ᠤᠳᠤᠷᠢᠳᠬᠤ ᠪᠠᠭ ᠵᠢᠴᠢ ᠪᠦᠷᠢᠯᠳᠦᠭᠦᠨ ᠳᠤ ᠠᠷᠠᠳᠴᠢᠯᠠᠯ ᠢᠶᠠᠷ ᠰᠢᠯᠭᠠᠨ ᠦᠨᠡᠯᠡᠯᠲᠡ ᠬᠢᠪᠡ᠃

 
ᠢᠷᠡᠯᠲᠡ᠄ ᠪᠠᠷᠠᠭᠠᠨ ᠤ ᠭᠦᠢᠯᠭᠡᠭᠡᠨ ᠤ ᠬᠦᠷᠢᠶᠡᠯᠡᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号