ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠪᠠᠶᠢᠭᠤᠯᠤᠯᠳᠠ
ᠨᠡᠶᠢᠲᠡᠯᠡᠭᠰᠡᠨ ᠴᠠᠭ᠄
2022/5/7
       ᠮᠠᠨ ᠤ ᠣᠷᠣᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠶᠢᠨ ᠲᠥᠯᠥᠭᠡ᠂ ᠪᠦᠬᠦ ᠣᠷᠣᠨ ᠤ ᠥᠷᠭᠡᠨ ᠣᠯᠠᠨ ᠺᠠᠳ᠋ᠷ ᠠᠵᠢᠯᠲᠠᠨ ᠤ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠬᠥᠭᠵᠢᠯᠲᠡ ᠶᠢᠨ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠬᠤ  ᠶᠢ ᠤᠷᠮᠠᠰᠢᠭᠤᠯᠤᠨ ᠵᠣᠷᠢᠭᠵᠢᠭᠤᠯᠵᠤ᠂ ᠮᠠᠨ ᠤ ᠣᠷᠣᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠳᠤᠮᠳᠠ ᠴᠢᠬᠤᠯᠠ ᠶᠡᠭᠡ ᠲᠦᠷᠦᠯ ᠵᠦᠢᠯ᠂ ᠭᠤᠣᠯᠳᠠᠯᠭ᠎ᠠ ᠲᠠᠢ ᠬᠦᠷᠢᠶᠡᠨ ᠤ ᠰᠤᠷᠤᠯᠴᠠᠯᠭ᠎ᠠ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠬᠦ ᠲᠤᠬᠠᠢ ᠲᠣᠬᠢᠷᠠᠭᠤᠯᠤᠯᠲᠠ ᠶᠣᠰᠣᠭᠠᠷ᠂ 4 ᠰᠠᠷ᠎ᠠ ᠶᠢᠨ 22  ᠤᠨ ᠦᠳᠡ ᠶᠢᠨ ᠡᠮᠦᠨ᠎ᠡ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᠬᠠᠢ ᠤᠳᠤᠷᠢᠳᠬᠤ ᠪᠠᠭ᠂ ᠺᠠᠳ᠋ᠷ ᠠᠵᠢᠯᠲᠠᠨ ᠠᠵᠢᠯᠴᠢᠨ ᠢ ᠳᠠᠭᠠᠭᠤᠯᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠦᠵᠡᠭᠦᠯᠦᠯᠭᠡ ᠶᠢᠨ ᠴᠡᠭ ︱ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠬᠦᠷᠢᠶᠡᠯᠡᠩ ᠳᠤ ᠬᠦᠷᠴᠦ ᠰᠤᠷᠤᠯᠴᠠᠭᠤᠯᠪᠠ᠃

       ᠦᠵᠡᠭᠦᠯᠦᠯᠭᠡ ᠶᠢᠨ ᠰᠤᠷᠤᠯᠴᠠᠯᠭ᠎ᠠ ᠶᠢᠨ ᠠᠵᠢᠯᠯᠠᠭ᠎ᠠ ᠳᠤᠮᠳᠠ᠂ ᠦᠵᠡᠭᠦᠯᠦᠯᠭᠡ ᠶᠢᠨ ᠪᠦᠯᠬᠦᠮ ᠤᠨ ᠬᠢᠨ

ᠮᠠᠨ ᠤ ᠣᠷᠣᠨ ᠤ 2021 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠠᠷᠪᠠᠨ ᠳᠠᠬᠢᠨ ᠤ ᠴᠠᠭᠠᠨ ᠢᠳᠡᠭᠡ

ᠪᠣᠯᠣᠨ ᠪᠢᠩᠭᠠᠨ ᠡᠳ᠋ᠰᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠭᠤᠣᠯᠳᠠᠯᠭ᠎ᠠ ᠲᠠᠢ

ᠲᠣᠭᠤᠷᠢᠨ ᠦᠵᠡᠵᠦ᠂ ᠣᠳᠣᠬᠠᠨ ᠳᠤ ᠲᠣᠰ ᠲᠥᠷᠥᠯ ᠵᠦᠢᠯ ᠢ ᠨᠢᠭᠡᠨᠲᠡ ᠪᠠᠶᠢᠭᠤᠯᠵᠤ ᠳᠠᠭᠤᠰᠬᠠᠭᠠᠳ ᠲᠤᠷᠰᠢᠨ

ᠦᠢᠯᠡᠳᠪᠦᠷᠢᠯᠡᠬᠦ ᠳᠤ ᠣᠷᠣᠭᠤᠯᠪᠠ᠃ᠲᠦᠷᠦᠯ ᠵᠦᠢᠯ ᠤᠨ ᠬᠠᠷᠢᠭᠤᠴᠠᠯᠭᠠᠲᠠᠨ ᠠᠴᠠ ᠲᠣᠭᠤᠷᠢᠨ ᠦᠵᠡᠬᠦ

ᠪᠦᠯᠬᠦᠮ ᠳᠤ ᠺᠣᠮᠫᠠᠨᠢ ᠶᠢᠨ ᠭᠤᠣᠯ ᠦᠢᠯᠡᠳᠬᠦᠨ᠂ ᠲᠦᠭᠦᠬᠡᠢ ᠮᠠᠲ᠋ᠧᠷᠢᠶᠠᠯ ᠤᠨ ᠨᠠᠶᠢᠷᠠᠯᠭ᠎ᠠ ᠵᠢᠴᠢ ᠨᠡᠮᠡᠯᠲᠡ ᠡᠳ᠋

ᠦᠭᠡᠢ ᠪᠠᠶᠢᠬᠤ ᠠᠮᠤᠷ ᠲᠦᠪᠰᠢᠨ ᠤ ᠣᠨᠴᠠᠯᠢᠭ ᠢ ᠲᠠᠨᠢᠯᠴᠠᠭᠤᠯᠵᠤ᠂ ᠲᠣᠭᠤᠷᠢᠨ ᠦᠵᠡᠬᠦ ᠪᠦᠯᠬᠦᠮ ᠤᠨ ᠬᠢᠨ

ᠦᠢᠯᠡᠳᠪᠦᠷᠢᠯᠡᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠤᠷᠢᠨ ᠦᠵᠡᠵᠦ᠂ ᠺᠣᠮᠫᠠᠨᠢ ᠶᠢᠨ

ᠴᠠᠭᠠᠨ ᠢᠳᠡᠭᠡᠨ᠂ ᠬᠠᠲᠠᠭᠠᠭᠰᠠᠨ ᠦᠬᠡᠷ ᠤᠨ ᠮᠢᠬ᠎ᠠ ᠵᠡᠷᠭᠡ ᠣᠨᠴᠠᠯᠢᠭᠲᠤ ᠪᠦᠲᠦᠭᠡᠭᠳᠡᠬᠦᠨ ᠢ ᠠᠮᠲᠠᠯᠠᠭᠰᠠᠨ ᠪᠠᠶᠢᠨ᠎ᠠ᠃

ᠵᠠᠩ ᠡᠷᠬᠢᠯᠡᠭᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠵᠢᠴᠢ ᠦᠢᠯᠡᠳᠬᠦᠨ ᠤ

ᠶᠠᠰᠤ ᠴᠢᠨᠠᠷ ᠢ ᠳᠡᠭᠡᠳᠦ ᠬᠡᠮᠵᠢᠶ᠎ᠡ ᠪᠠᠷ ᠨᠤᠲᠠᠯᠠᠵᠤ᠂ ᠪᠥᠬᠦ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠲᠥᠯᠥᠭᠡᠯᠡᠭᠴᠢᠳ ᠢ ᠮᠠᠨ ᠤ ᠣᠷᠣᠨ ᠤ ᠴᠢᠨᠠᠷ ᠰᠠᠶᠢᠲᠠᠢ ᠣᠨᠴᠠᠯᠢᠭᠲᠤ ᠦᠢᠯᠡᠳᠬᠦᠨ ᠢ ᠢᠳᠡᠪᠬᠢᠲᠡᠢ ᠪᠠᠷ

ᠭᠠᠳᠠᠭᠰᠢ ᠤᠬᠠᠭᠤᠯᠵᠤ᠂ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ᠭᠠᠵᠠᠷ ᠣᠷᠣᠨ ᠤ ᠬᠥᠭᠵᠢᠯᠲᠡ ᠳᠤ

ᠬᠦᠴᠦᠨ ᠴᠢᠳᠠᠯ ᠢᠶᠠᠨ ᠡᠷᠭᠦᠬᠦ ᠶᠢ ᠤᠷᠢᠶᠠᠯᠠᠪᠠ᠃

       ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠪᠠᠷ ᠳᠡᠮᠵᠢᠨ᠂ ᠮᠠᠨ ᠤ ᠣᠷᠣᠨ ᠤ ᠺᠠᠳ᠋ᠷ ᠠᠵᠢᠯᠲᠠᠨ ᠤ

ᠡᠷᠡᠰ ᠪᠠᠲᠤ ᠬᠥᠭᠵᠢᠯᠲᠡ ᠶᠢᠨ ᠢᠲᠡᠭᠡᠯ ᠵᠣᠷᠢᠭ ᠢ ᠤᠯᠠᠮ ᠴᠢᠨᠠᠭᠰᠢᠳᠠ ᠴᠢᠩᠭᠠᠳᠬᠠᠵᠤ᠂ ᠥᠷᠭᠡᠨ ᠣᠯᠠᠨ ᠺᠠᠳ᠋ᠷ

ᠠᠵᠢᠯᠲᠠᠨ ᠤ ᠦᠢᠯᠡᠰ ᠪᠦᠲᠦᠭᠡᠬᠦ ᠬᠠᠯᠠᠭᠤᠨ ᠰᠡᠳᠬᠢᠯᠭᠡ ᠶᠢ ᠬᠥᠭᠵᠢᠭᠡᠵᠦ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ

ᠲᠣᠭᠤᠷᠢᠭ ᠤᠨ ᠬᠢᠨ ︽ᠳᠣᠯᠣᠭᠠᠨ ᠰᠦᠷᠦᠭ ᠵᠢᠷᠭᠤᠭᠠᠨ ᠬᠡᠯᠬᠢᠶ᠎ᠡ︾ ᠶᠢᠨ ᠶᠡᠷᠦᠩᠬᠡᠢ ᠬᠠᠷᠠᠯᠲᠠ ᠶᠢᠨ

ᠲᠣᠭᠤᠷᠢᠨ ᠳᠤ ︽ᠨᠢᠭᠡ ᠠᠵᠢᠯ ᠲᠥᠷᠥᠯ ᠨᠢᠭᠡ ᠪᠣᠳᠣᠯᠭ᠎ᠠ︾ ᠶᠢᠨ ᠶᠡᠷᠦᠩᠬᠡᠢ ᠱᠠᠭᠠᠷᠳᠠᠯᠭ᠎ᠠ ᠶᠢ

ᠨᠠᠶᠢᠳᠠᠪᠤᠷᠢᠵᠢᠭᠤᠯᠵᠤ᠂ ︽ᠲᠥᠷᠥᠯ ᠵᠦᠢᠯ ᠢ ᠠᠳᠬᠤᠪᠠᠯ ᠳᠠᠷᠤᠢ ᠬᠥᠭᠵᠢᠯᠲᠡ ᠶᠢ ᠠᠳᠬᠤᠵᠤ᠂ ᠲᠥᠷᠥᠯ ᠵᠦᠢᠯ ᠢ

ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ ᠪᠣᠳᠣᠯᠬᠢᠯᠠᠬᠤ︾ ᠲᠥᠷᠥᠯ ᠵᠦᠢᠯ ᠢᠶᠠᠷ ᠬᠥᠭᠵᠢᠯᠲᠡ ᠶᠢ ᠳᠠᠶᠢᠴᠢᠯᠠᠬᠤ

ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠣᠷᠣᠨ ᠤ ᠨᠠᠮ ᠤᠨ ᠬᠤᠷᠢᠶ᠎ᠠ ᠶᠢᠨ ︽ᠵᠣᠷᠢᠭᠲᠠᠢ ᠪᠠᠷ ᠡᠭᠦᠷᠭᠡᠯᠡᠵᠦ᠂

ᠨᠠᠩ ᠬᠢᠨᠠᠮᠠᠭᠠᠢ᠂ ᠳᠠᠬᠢᠨ ᠨᠠᠶᠢᠳᠠᠪᠤᠷᠢᠵᠢᠭᠤᠯᠬᠤ︾ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠦᠢᠯᠡᠳᠦᠯᠭᠡᠵᠢᠭᠦᠯᠦᠨ᠂

ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ︽ᠠᠰᠠᠷᠠᠭᠴᠢ ᠮᠠᠶ᠋ᠢᠭ︾

 ᠤᠨ ᠦᠢᠯᠡᠴᠢᠯᠡᠭᠡᠨ ᠤ ᠣᠨᠣᠯᠵᠢᠬᠤᠨ ᠢ ᠨᠠᠶᠢᠳᠠᠪᠤᠷᠢᠵᠢᠭᠤᠯᠤᠨ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ

ᠭᠠᠳᠠᠭᠰᠢᠯᠠᠭᠤᠯᠬᠤ ᠣᠨᠴᠠᠯᠢᠭ ᠢᠶᠠᠷ ᠢᠯᠡ ᠲᠣᠳᠣ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ

ᠬᠤᠰᠢᠭᠤᠴᠢ ᠣᠷᠣᠨ ᠢ ᠪᠥᠬᠦ ᠬᠦᠴᠦᠨ ᠢᠶᠠᠷ ᠢᠶᠠᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃

 
ᠢᠷᠡᠯᠲᠡ᠄ ᠪᠤᠭᠤᠲᠤ ᠬᠤᠲᠠ ᠶᠢᠨ ᠬᠤᠲᠠ ᠶᠢᠨ ᠬᠠᠮᠲᠤ ᠪᠠᠷ ᠲᠣᠬᠢᠷᠠᠭᠤᠯᠤᠨ ᠬᠦᠷᠭᠡᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠡ᠊
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号