ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠬᠠᠷᠢᠶᠠᠲᠤ ᠣᠷᠣᠨ ᠤ ᠦᠢᠯᠡᠳᠪᠦᠷᠢᠯᠡᠯ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠱᠢ ᠭᠤᠸᠠᠢ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ︽ᠳᠥᠷᠪᠡᠨ ᠵᠢᠷᠤᠮᠵᠢᠯ︾ ᠤᠨ ᠲᠤᠰᠬᠠᠢ ᠴᠡᠭᠴᠡᠯᠡᠨ ᠵᠠᠰᠠᠬᠤ ᠳᠠᠶᠢᠴᠢᠯᠠᠯᠲᠠ ᠶᠢᠨ ᠬᠤᠷᠠᠯ ᠵᠢᠴᠢ ᠠᠮᠤᠷ ᠲᠦᠪᠰᠢᠨ ᠤ ᠠᠮᠠᠯᠠᠯᠲᠠ ᠶᠢᠨ ᠭᠠᠷ ᠤᠨ ᠥᠰᠥᠭ ᠵᠢᠷᠤᠬᠤ ᠶᠣᠰᠣᠯᠠᠯ  ᠶᠠᠪᠤᠭᠳᠠᠪᠠ
ᠨᠡᠶᠢᠲᠡᠯᠡᠭᠰᠡᠨ ᠴᠠᠭ᠄
2022/5/7
        4 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠱᠢ ᠭᠤᠸᠠᠢ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ︽ᠳᠥᠷᠪᠡᠨ ᠵᠢᠷᠤᠮᠵᠢᠯ︾ ᠤᠨ ᠲᠤᠰᠬᠠᠢ ᠴᠡᠭᠴᠡᠯᠡᠨ ᠵᠠᠰᠠᠬᠤ ᠳᠠᠶᠢᠴᠢᠯᠠᠯᠲᠠ ᠶᠢᠨ ᠬᠤᠷᠠᠯ ᠵᠢᠴᠢ ᠠᠮᠤᠷ ᠲᠦᠪᠰᠢᠨ ᠤ ᠠᠮᠠᠯᠠᠯᠲᠠ ᠳᠤ ᠭᠠᠷ ᠤᠨ ᠥᠰᠥᠭ ᠵᠢᠷᠤᠬᠤ ᠶᠣᠰᠣᠯᠠᠯ ᠶᠠ ᠰᠢᠨ ᠯᠦᠩ ᠱᠦᠨ ᠺᠣᠮᠫᠠᠨᠢ ᠶᠢᠨ ᠰᠠᠭᠰᠤᠨ ᠪᠥᠮᠪᠦᠭᠡ ᠶᠢᠨ ᠲᠠᠯᠠᠪᠠᠶ ᠳᠤ ᠡᠬᠢᠯᠡᠪᠡ᠃ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠬᠦᠷᠢᠶᠡᠯᠡᠩ ᠲᠣᠭᠤᠷᠢᠭ ᠤᠨ ᠳᠣᠲᠣᠷᠠᠬᠢ ᠮᠢᠩ ᠱᠠᠩ ᠰᠢᠯ᠂ ᠲᠢᠶᠠᠨ ᠰᠢᠩ ᠵᠠᠮ ᠤᠨ ᠬᠥᠭᠦᠷᠭᠡ ᠵᠡᠷᠭᠡ 7 ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠣᠨ ᠠᠮᠤᠷ ᠲᠦᠪᠰᠢᠨ ᠤ ᠠᠵᠢᠯᠲᠠᠨ ᠢ ᠵᠣᠬᠢᠶᠠᠨ ᠪᠠᠶᠢᠭᠤᠯᠵᠤ ᠬᠤᠷᠠᠯ ᠳᠤ ᠣᠷᠣᠯᠴᠠᠭᠤᠯᠪᠠ᠃       ᠬᠤᠷᠠᠯ ᠳᠡᠭᠡᠷ᠎ᠡ᠂ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠵᠣᠣ ᠶᠦᠩ ᠸᠧᠨ᠂ ᠱᠢ ᠭᠤᠸᠠᠢ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ ᠂ ᠲᠣᠭᠤᠷᠢᠭ ᠤᠨ ᠳᠠᠷᠤᠭ᠎ᠠ ᠬᠤᠸᠠᠩ ᠮᠢᠨ᠂ ᠱᠢ ᠭᠤᠸᠠᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠵᠣᠣ ᠮᠠᠨ ᠢ ᠲᠣᠰ ᠲᠣᠰ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ᠱᠢ ᠭᠤᠸᠠᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠯᠢ ᠰᠢᠨ ᠮᠢᠩ ︽ᠳᠥᠷᠪᠡᠨ ᠵᠢᠷᠤᠮᠵᠢᠯ︾ ᠤᠨ ᠲᠤᠰᠬᠠᠢ ᠴᠡᠭᠴᠡᠯᠡᠨ ᠵᠠᠰᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠠᠮᠤᠷ ᠲᠦᠪᠰᠢᠨ ᠤ ᠪᠦᠰᠡ᠂ ᠠᠮᠤᠷ ᠲᠦᠪᠰᠢᠨ ᠤ ᠮᠠᠯᠠᠭᠠᠢ᠂ ᠬᠠᠮᠠᠭᠠᠯᠠᠯᠲᠠ ᠶᠢᠨ ᠬᠤᠪᠴᠠᠰᠤ ᠡᠮᠦᠰᠬᠦ ᠵᠢᠴᠢ ᠠᠵᠢᠯᠯᠠᠬᠤ ᠳᠦᠷᠢᠮ ᠢ ᠵᠢᠷᠤᠮᠵᠢᠭᠤᠯᠬᠤ ᠪᠣᠯ ᠠᠵᠢᠯᠯᠠᠵᠤ ᠪᠠᠶᠢᠭ᠎ᠠ ᠬᠥᠮᠥᠰ ᠤᠨ ᠠᠮᠢ ᠨᠠᠰᠤᠨ ᠤ ᠠᠮᠤᠷ ᠲᠦᠪᠰᠢᠨ ᠪᠠ ᠠᠵᠢᠯ ᠮᠡᠷᠭᠡᠵᠢᠯ ᠤᠨ ᠡᠷᠡᠭᠦᠯ ᠮᠡᠨᠳᠦ ᠶᠢ ᠬᠠᠮᠠᠭᠠᠯᠠᠬᠤ ᠴᠢᠬᠤᠯᠠ ᠪᠠᠲᠤᠯᠠᠭ᠎ᠠ ᠮᠥᠨ ᠭᠡᠳᠡᠭ ᠢ ᠴᠢᠬᠤᠯᠠᠴᠢᠯᠠᠵᠤ᠂ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠴᠢᠩᠭᠠᠳᠬᠠᠵᠤ᠂ ᠥᠨᠳᠥᠷ ᠭᠠᠵᠠᠷ ᠠᠴᠠ ᠤᠨᠠᠵᠤ ᠢᠷᠡᠬᠦ᠂ ᠮᠠᠰᠢᠨ ᠮᠧᠬᠠᠨᠢᠭ ᠢᠶᠠᠷ ᠭᠡᠮᠲᠦᠭᠡᠬᠦ᠂ ᠪᠣᠳᠠᠰ ᠢᠶᠠᠷ ᠴᠣᠬᠢᠯᠲᠠ ᠥᠭᠬᠦ ᠵᠡᠷᠭᠡ ᠠᠳᠡᠯ ᠭᠠᠷᠬᠤ ᠶᠢ ᠡᠬᠢ ᠡᠭᠦᠰᠦᠯ ᠠᠴᠠ  ᠨᠢ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠳ ᠨᠤᠲᠤᠭ ᠪᠡᠯᠴᠢᠭᠡᠷ ᠢ ᠰᠢᠨ᠎ᠡ ᠪᠠᠷ ᠪᠠᠶᠢᠭᠤᠯᠵᠤ ᠪᠦᠲᠦᠭᠡᠨ ᠪᠠᠶᠢᠭᠤᠯᠬᠤ ᠨᠢᠭᠡᠴᠡ ᠶᠢ ᠲᠥᠯᠥᠭᠡᠯᠡᠨ ︽ᠳᠥᠷᠪᠡᠨ ᠵᠢᠷᠤᠮᠵᠢᠯ︾ ᠤᠨ ᠠᠵᠤ ᠠᠬᠤᠶᠢᠯᠠᠯ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠤᠬᠠᠢ ᠣᠪᠣᠷ ᠢᠶᠠᠨ ᠢᠯᠡᠳᠬᠡᠬᠦ ᠦᠭᠡ ᠬᠡᠯᠡᠪᠡ᠃ᠬᠤᠷᠠᠯ ᠤᠨ ᠳᠠᠷᠠᠭ᠎ᠠ᠂ ᠱᠢ ᠭᠤᠸᠠᠢ ᠲᠣᠭᠤᠷᠢᠭ ᠤᠨ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢᠳ ᠲᠠᠶᠢᠰᠠᠨ ᠳᠤ ᠭᠠᠷᠴᠤ ᠠᠮᠤᠷ ᠲᠦᠪᠰᠢᠨ ᠤ ᠠᠮᠠᠯᠠᠯᠲᠠ ᠳᠤ ᠭᠠᠷ ᠤᠨ ᠦᠰᠦᠭ ᠵᠢᠷᠤᠪᠠ᠃

       ᠳᠠᠷᠠᠭᠠᠴᠢ ᠶᠢᠨ ᠠᠯᠬᠤᠮ ᠳᠤ᠂ ᠬᠦᠷᠢᠶᠡᠯᠡᠩ ᠲᠣᠭᠤᠷᠢᠭ ᠤᠨ ᠬᠢᠨ ︽ᠳᠥᠷᠪᠡᠨ ᠵᠢᠷᠤᠮᠵᠢᠯ︾ ᠤᠨ

ᠬᠠᠮᠢᠶ᠎ᠠ ᠪᠦᠬᠦᠢ ᠱᠠᠭᠠᠷᠳᠠᠯᠭ᠎ᠠ  ᠶᠢ ᠴᠢᠩᠭ᠎ᠠ ᠵᠢᠷᠤᠮᠯᠠᠨ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂

ᠦᠢᠯᠡᠳᠪᠦᠷᠢᠯᠡᠯ ᠤᠨ ᠠᠵᠢᠯᠲᠠᠳ ᠤᠨ ᠡᠯ᠎ᠡ ᠲᠦᠷᠦᠯ ᠤᠨ ᠬᠠᠮᠠᠭᠠᠯᠠᠯᠲᠠ ᠶᠢᠨ ᠬᠡᠷᠡᠭᠰᠡᠯ ᠢ ᠬᠡᠷᠡᠭᠯᠡᠵᠦ ᠪᠠᠶᠢᠭ᠎ᠠ

ᠪᠠᠶᠢᠳᠠᠯ ᠢ ᠪᠠᠶᠢᠴᠠᠭᠠᠬᠤ ᠶᠢ ᠴᠢᠩᠭᠠᠳᠬᠠᠵᠤ᠂ ᠠᠵᠢᠯᠯᠠᠬᠤ ᠳᠦᠷᠢᠮ ᠢ ᠵᠢᠷᠤᠮᠯᠠᠬᠤ ᠦᠭᠡᠢ᠂ ᠬᠢᠷᠢ ᠲᠡᠩᠴᠡᠬᠦ ᠦᠭᠡᠢ

ᠬᠡᠷᠡᠭᠯᠡᠬᠦ ᠪᠠ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠢ ᠵᠢᠷᠤᠮᠵᠢᠯ ᠦᠭᠡᠢ ᠪᠠᠷ ᠵᠡᠭᠦᠬᠦ ᠦᠢᠯᠡ ᠠᠵᠢᠯᠯᠠᠭ᠎ᠠ ᠶᠢ

ᠵᠠᠯᠠᠷᠠᠭᠤᠯᠵᠤ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠶᠠᠰᠤ ᠴᠢᠨᠠᠷ ᠤᠨ ᠠᠰᠠᠭᠤᠳᠠᠯ ᠪᠠ ᠵᠣᠬᠢᠰ ᠦᠭᠡᠢ

ᠬᠡᠷᠡᠭᠯᠡᠭᠰᠡᠨ ᠠᠴᠠ ᠪᠣᠯᠤᠭᠰᠠᠨ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠪᠦᠲᠦᠮᠵᠢᠲᠡᠶ ᠪᠠᠷ ᠤᠷᠢᠳᠴᠢᠯᠠᠨ

ᠰᠡᠷᠭᠡᠶᠢᠯᠡᠬᠦ ᠪᠠ ᠪᠠᠭᠠᠰᠬᠠᠨ᠎ᠠ᠃

 
ᠢᠷᠡᠯᠲᠡ᠄ ᠪᠠᠷᠠᠭᠠᠨ ᠤ ᠭᠦᠢᠯᠭᠡᠭᠡᠨ ᠤ ᠬᠦᠷᠢᠶᠡᠯᠡᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号