ᠪᠤᠭᠤᠲᠤ ᠬᠤᠳᠠ ᠶᠢᠨ ᠬᠤᠳᠠ ᠶᠢᠨ ᠬᠠᠮᠲᠤ ᠪᠠᠷ ᠲᠣᠬᠢᠷᠠᠭᠤᠯᠤᠨ ᠬᠦᠷᠭᠡᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/7
        4 ᠰᠠᠷ᠎ᠠ ᠶᠢᠨ 22  ᠤᠨ ᠦᠳᠡ ᠶᠢᠨ ᠬᠤᠶᠢᠨ᠎ᠠ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ A ᠰᠠᠭᠤᠳᠠᠯ ᠤᠨ 5 ᠳ᠋ᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠨ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠂ ᠬᠤᠷᠠᠯ ᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ ᠡᠷᠬᠢᠯᠡᠪᠡ᠃        ᠬᠤᠷᠠᠯ ᠠᠴᠠ︽ᠪᠦᠬᠦ ᠣᠷᠣᠨ ᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠨ ᠠᠷᠠᠯᠵᠢᠶᠠᠯᠠᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠲᠤᠬᠠᠢ ᠬᠡᠷᠡᠭᠵᠢᠭᠦᠯᠬᠦ ᠲᠥᠰᠥᠯ︾  ᠢ ᠤᠯᠠᠮᠵᠢᠯᠠᠨ ᠰᠤᠷᠤᠯᠴᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠨ ᠠᠷᠠᠯᠵᠢᠶᠠᠯᠠᠵᠤ ᠪᠠᠶᠢᠭ᠎ᠠ ᠠᠰᠠᠭᠤᠳᠠᠯ ᠤᠨ 11 ᠵᠤᠷᠪᠤᠰ ᠨᠠᠷᠢᠨ ᠳᠠᠩᠰᠠ ᠶᠢ ᠨᠡᠶᠢᠲᠡᠯᠡᠵᠡᠢ᠃ᠬᠤᠷᠠᠯ ᠠᠴᠠ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠦᠬᠦ ᠨᠠᠮ ᠤᠨ ᠭᠡᠰᠢᠭᠦᠨ ᠺᠠᠳ᠋ᠷ ᠳᠡᠭᠡᠳᠦ ᠱᠠᠲᠤᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪᠯᠡᠷᠡᠭᠦᠯᠦᠨ ᠵᠠᠰᠠᠬᠤ ᠪᠣᠯ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠬᠦ ᠶᠢᠨ ᠴᠢᠬᠤᠯᠠ ᠴᠢᠨᠠᠷ ᠮᠥᠨ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢᠨ ᠪᠣᠳᠠᠲᠤ ᠬᠡᠷᠡᠭᠴᠡᠭᠡ ᠮᠥᠨ ᠭᠡᠳᠡᠭ ᠢ ᠭᠦᠢᠴᠡᠳ ᠲᠠᠨᠢᠬᠤ ᠬᠡᠷᠡᠭᠲᠡᠢ᠃ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠲᠥᠪᠯᠡᠷᠡᠭᠦᠯᠦᠨ ᠵᠠᠰᠠᠬᠤ᠂ ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠵᠦ᠂ ᠠᠰᠠᠭᠤᠳᠠᠯ ᠤᠨ ᠡᠬᠡ ᠲᠠᠩᠰᠠ ᠶᠢ ᠪᠦᠷᠢᠯᠳᠦᠭᠦᠯᠵᠦ᠂ ᠵᠢᠷᠤᠭ ᠬᠤᠯᠪᠣᠨ ᠪᠠᠶᠢᠯᠳᠤᠵᠤ᠂ ᠠᠯᠬᠤᠮ ᠳᠠᠷᠠᠭ᠎ᠠ ᠲᠠᠢ ᠪᠠᠷ ᠠᠬᠢᠭᠤᠯᠬᠤ ᠬᠡᠷᠡᠭᠲᠡᠢ᠃        ᠲᠠᠷᠠᠭᠠᠴᠢ ᠶᠢᠨ ᠠᠯᠬᠤᠮ ᠳᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠭᠰᠠᠨ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠤᠨ ᠥᠪᠡᠷ ᠤᠨ ᠪᠠᠶᠢᠴᠠᠭᠠᠯᠲᠠ ᠬᠢᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠭᠰᠠᠨ ᠠᠰᠠᠭᠤᠳᠠᠯ ᠤᠨ︽ᠠᠷᠪᠠᠨ ᠰᠠᠷ᠎ᠠ ᠶᠢᠨ ᠨᠢᠭᠡᠨ ᠢ ᠴᠢᠩᠭ᠎ᠠ ᠴᠠᠭᠠᠵᠠᠯᠠᠬᠤ︾ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠴᠢᠩᠭ᠎ᠠ ᠪᠣᠳᠠᠲᠠᠢ ᠰᠤᠷᠲᠠᠯ ᠢᠶᠠᠷ ᠲᠥᠪᠯᠡᠷᠡᠭᠦᠯᠦᠨ ᠵᠠᠰᠠᠬᠤ ᠠᠵᠢᠯ ᠢ ᠦᠨᠡᠨ ᠪᠣᠳᠠᠲᠠᠢ ᠬᠢᠵᠦ᠂ ᠪᠣᠳᠠᠲᠤ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃

 
ᠢᠷᠡᠯᠲᠡ᠄ ᠪᠠᠷᠠᠭᠠᠨ ᠤ ᠭᠦᠢᠯᠭᠡᠭᠡᠨ ᠤ ᠬᠦᠷᠢᠶᠡᠯᠡᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号