ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯ ‍ᠤᠨ‌‍ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠲᠤᠰᠬᠠᠢ ᠰᠡᠳᠦᠪ ᠢᠶᠠᠷ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠦᠨ᠎ᠡ
ᠨᠡᠶᠢᠲᠡᠯᠡᠭᠰᠡᠨ ᠴᠠᠭ᠄
2022/5/7
       2022 ᠣᠨ ᠤ 4 ᠰᠠᠷ᠎ᠠ ᠶᠢᠨ 25 ᠤ ᠡᠳᠦᠷ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠱᠦᠵᠢ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠬᠦᠷᠢᠶᠡᠯᠡᠩ ᠲᠣᠭᠤᠷᠢᠭ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠤ ᠠᠮᠢᠳᠤᠯᠢᠭ ᠰᠠᠶᠢᠬᠠᠨ ᠨᠠᠮ ᠤᠨ ᠬᠢᠴᠢᠶᠡᠯ ᠣᠷᠣᠵᠤ᠂ ᠯᠢ ᠱᠦᠵᠢ ᠤᠯᠠᠨ ᠢ ᠳᠠᠭᠠᠭᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠠᠮᠲᠤᠪᠠᠷ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠦᠨᠳᠦᠰᠦᠲᠡᠨ ᠤ ᠠᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢᠨ ᠬᠥᠭᠵᠢᠯᠲᠡ ᠵᠢᠴᠢ ᠤᠯᠤᠰ ᠲᠦᠷᠦ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠲᠤᠬᠠᠢ ᠱᠠᠭᠠᠷᠳᠠᠯᠭ᠎ᠠ ᠶᠢ ᠵᠠᠳᠠᠯᠤᠨ ᠰᠢᠨᠵᠢᠯᠡᠪᠡ᠃

      ᠤᠬᠠᠭᠤᠯᠤᠨ ᠲᠠᠶᠢᠯᠪᠤᠷᠢᠯᠠᠬᠤ ᠪᠠᠷ ᠲᠠᠮᠵᠢᠨ᠂ ᠪᠢᠳᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢ ᠪᠠᠲᠤ ᠪᠠᠬᠢ ᠪᠤᠢ ᠪᠣᠯᠭᠠᠬᠤ ᠤᠬᠠᠮᠰᠠᠷ ᠤᠨ ᠲᠤᠬᠠᠢ ᠣᠶᠢᠯᠠᠭᠠᠯᠲᠠ ᠪᠠᠨ ᠤᠯᠠᠮ ᠴᠢᠨᠠᠭᠰᠢᠳᠠ

ᠭᠦᠨᠵᠡᠭᠡᠶᠢᠷᠡᠭᠦᠯᠵᠦ᠂ ᠰᠢᠨ᠎ᠡ ᠪᠠᠶᠢᠳᠠᠯ ᠳᠣᠣᠷ᠎ᠠ ᠠᠵᠤ ᠠᠬᠤᠢ ᠶᠢᠨ ᠬᠥᠭᠵᠢᠯᠲᠡ ᠪᠣᠯᠣᠨ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠶᠢᠨ ᠴᠢᠬᠤᠯᠠ ᠴᠢᠨᠠᠷ ᠢ

ᠲᠣᠳᠣᠷᠬᠠᠶᠢᠯᠠᠵᠤ᠂ ᠠᠵᠤ ᠠᠬᠤᠢ ᠶᠢᠨ ᠬᠥᠭᠵᠢᠯᠲᠡ ᠶᠢᠨ ᠬᠤᠣᠰ ᠨᠡᠭᠦᠷᠡᠰᠦᠲᠥ᠋ᠷᠥᠭᠴᠢ ᠶᠢᠨ ᠱᠠᠭᠠᠷᠳᠠᠯᠭ᠎ᠠ ᠶᠢ ᠡᠷᠡᠰ

ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠤᠷᠳᠤ ᠬᠤᠭᠤᠴᠠᠭ᠎ᠠ ᠪᠠᠷ

ᠠᠬᠢᠭᠤᠯᠵᠤ᠂ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠶᠡᠷᠦᠩᠬᠡᠢ ᠱᠠᠭᠠᠷᠳᠠᠯᠭ᠎ᠠ ᠶᠢ ᠤᠷᠳᠤ

ᠬᠤᠭᠤᠴᠠᠭ᠎ᠠ ᠪᠠᠷ ᠪᠠᠷᠢᠮᠲᠠᠯᠠᠪᠠ᠃

 
ᠢᠷᠡᠯᠲᠡ᠄ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号