ᠰᠢᠭᠤᠶᠢᠲᠤ ᠵᠡᠭᠡᠯᠢ ᠭᠤᠳᠤᠮᠵᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠠᠰᠠᠷ ᠤᠨ ᠬᠤᠩᠭᠢᠯ ᠢ ᠴᠡᠪᠡᠷᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/16
        ᠰᠠᠭᠤᠭᠠᠯᠢ ᠠᠷᠠᠳ ᠤᠨ ᠲᠣᠭᠤᠷᠢᠭ ᠤᠨ ᠠᠰᠠᠷ ᠤᠨ ᠵᠠᠮ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠴᠡᠪᠡᠷ ᠲᠡᠭᠰᠢ᠂ ᠭᠤᠶᠣ ᠰᠠᠶᠢᠬᠠᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠶᠢᠨ ᠲᠥᠯᠥᠭᠡ᠂ 6 ᠰᠠᠷ᠎ᠠ ᠶᠢᠨ 9 ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠵᠢᠶᠠ ᠢᠦᠢ ᠶᠢᠨ ᠠᠳᠠᠯ ᠠᠬᠤᠢ ᠵᠢᠴᠢ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠲᠠᠢ ᠬᠠᠮᠲᠤᠷᠠᠨ᠂ ᠠᠮᠤᠭᠤᠯᠠᠩ ᠣᠷᠣᠨ ᠰᠠᠭᠤᠴᠠ ᠶᠢᠨ ᠭᠡᠷ ᠣᠷᠣᠨ ᠠᠰᠠᠷ ᠤᠨ ᠵᠠᠮ ᠤᠨ ᠳᠣᠲᠣᠷ᠎ᠠ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠵᠤ ᠪᠠᠶᠢᠭ᠎ᠠ ᠪᠠᠶᠢᠳᠠᠯ ᠳᠤ ᠬᠠᠮᠲᠤᠷᠠᠨ ᠬᠠᠤᠯᠢ ᠬᠡᠷᠡᠭᠵᠢᠭᠦᠯᠵᠦ᠂ ᠠᠰᠠᠷ ᠤᠨ ᠵᠠᠮ ᠢ ᠴᠡᠪᠡᠷᠯᠡᠬᠦ ᠶᠡᠭᠡ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃

       ᠴᠡᠭᠴᠡᠯᠡᠨ ᠵᠠᠰᠠᠬᠤ ᠠᠴᠠ ᠡᠮᠦᠨ᠎ᠡ᠂ ᠠᠰᠠᠷ ᠤᠨ ᠬᠤᠩᠭᠢᠯ ᠳᠤ ᠪᠢᠴᠢᠭ ᠤᠨ ᠮᠡᠳᠡᠭᠳᠡᠯ ᠨᠠᠭᠠᠵᠤ᠂ ᠡᠷᠦᠬᠡ

ᠳᠠᠷᠠᠭᠠᠯᠠᠨ ᠤᠲᠠᠰᠤ ᠪᠠᠷ ᠮᠡᠳᠡᠭᠳᠡᠨ᠎ᠡ᠃ ᠰᠠᠭᠤᠭᠠᠯᠢ ᠠᠷᠠᠳ ᠲᠤ ᠴᠠᠭ ᠬᠤᠭᠤᠴᠠᠭᠠᠨ ᠤ ᠳᠣᠲᠣᠷ᠎ᠠ ᠥᠪᠡᠷ ᠢᠶᠠᠨ

ᠲᠡᠭᠰᠢᠯᠡᠬᠦ ᠶᠢ ᠮᠡᠳᠡᠭᠳᠡᠬᠦ ᠶᠢᠨ ᠬᠠᠮᠲᠤ ᠭᠡᠷ ᠲᠤᠨᠢ ᠬᠦᠷᠴᠦ ᠰᠠᠭᠤᠭᠠᠯᠢ ᠠᠷᠠᠳ ᠲᠤ ᠠᠰᠠᠷ ᠤᠨ ᠬᠤᠩᠭᠢᠯ ᠢ ᠴᠡᠪᠡᠷ

ᠲᠡᠭᠰᠢ ᠪᠠᠶᠢᠯᠭᠠᠬᠤ ᠶᠢᠨ ᠴᠢᠬᠤᠯᠠ ᠴᠢᠨᠠᠷ ᠢ ᠤᠬᠠᠭᠤᠯᠵᠤ᠂ ᠬᠠᠮᠵᠢᠯᠴᠠᠬᠤ ᠳᠤᠷ᠎ᠠ ᠦᠭᠡᠢ ᠰᠠᠭᠤᠭᠠᠯᠢ ᠠᠷᠠᠳ᠂

ᠰᠦᠯᠵᠢᠶᠡᠨ ᠤ ᠠᠵᠢᠯᠲᠠᠨ ᠬᠦᠯᠢᠴᠡᠩᠭᠦᠢ ᠪᠠᠷ ᠨᠠᠷᠢᠨ ᠨᠢᠮᠪᠠᠢ ᠢᠳᠬᠠᠵᠤ᠂ ᠰᠠᠭᠤᠭᠠᠯᠢ ᠠᠷᠠᠳ ᠤᠨ ᠵᠥᠪᠰᠢᠶᠡᠷᠡᠯ ᠢ

ᠣᠯᠵᠤ᠂ ᠨᠡᠶᠢᠭᠡᠮ ᠲᠣᠭᠤᠷᠢᠭ ᠲᠠᠢ ᠬᠠᠮᠵᠢᠯᠴᠠᠨ ᠥᠪᠡᠷ ᠤᠨ ᠬᠡᠷᠡᠭᠴᠡᠭᠡ ᠲᠠᠢ ᠶᠠᠭᠤᠮ᠎ᠠ ᠪᠠᠨ ᠭᠡᠷ ᠲᠤᠨᠢ ᠬᠤᠷᠢᠶᠠᠨ

ᠠᠪᠴᠤ᠂ ᠴᠡᠪᠡᠷᠯᠡᠬᠦ ᠶᠠᠪᠤᠴᠠ ᠳᠤ ᠬᠦᠴᠢᠷ ᠲᠦᠪᠡᠭᠲᠡᠢ ᠬᠡᠮ ᠠᠷᠬᠠᠭ ᠲᠠᠢ ᠠᠰᠠᠷ ᠤᠨ ᠬᠤᠩᠭᠢᠯ ᠢ ᠨᠡᠶᠢᠭᠡᠮ

ᠲᠣᠭᠤᠷᠢᠭ ᠪᠠ ᠠᠳᠠᠯ ᠠᠬᠤᠢ ᠶᠢᠨ ᠭᠠᠵᠠᠷ   ᠠᠴᠠ ᠲᠥᠪᠯᠡᠷᠡᠭᠦᠯᠦᠨ ᠨᠢᠭᠡᠳᠦᠯᠲᠡᠢ ᠴᠡᠪᠡᠷᠯᠡᠨ ᠲᠡᠭᠡᠭᠡᠪᠦᠷᠢᠯᠡᠨ᠎ᠡ᠃

      ᠲᠣᠰ ᠤᠳᠠᠭᠠᠨ ᠤ ᠠᠰᠠᠷ ᠤᠨ ᠬᠤᠩᠭᠢᠯ ᠢ ᠳᠤᠷ᠎ᠠ ᠪᠠᠷ ᠢᠶᠠᠨ ᠣᠪᠣᠭᠠᠯᠠᠨ ᠲᠠᠯᠪᠢᠬᠤ ᠲᠤᠰᠬᠠᠢ ᠴᠡᠭᠴᠡᠯᠡᠨ

ᠵᠠᠰᠠᠬᠤ ᠠᠵᠢᠯ ᠢᠶᠠᠷ ᠳᠠᠮᠵᠢᠭᠤᠯᠤᠨ᠂ ᠠᠰᠠᠷ ᠤᠨ ᠬᠤᠩᠭᠢᠯ ᠢ ᠳᠤᠷ᠎ᠠ ᠪᠠᠷ ᠢᠶᠠᠨ ᠣᠪᠣᠭᠠᠯᠠᠨ ᠲᠠᠯᠪᠢᠬᠤ ᠦᠵᠡᠭᠳᠡᠯ ᠢ

ᠲᠤᠶᠢᠯᠪᠤᠷᠢᠲᠠᠢ ᠥᠭᠡᠷᠡᠴᠢᠯᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠰᠠᠶᠢᠨ ᠰᠠᠶᠢᠬᠠᠨ ᠣᠷᠴᠢᠨ ᠠᠬᠤᠢ ᠶᠢᠨ

ᠡᠷᠡᠭᠦᠯ ᠬᠠᠮᠠᠭᠠᠯᠠᠯ ᠤᠨ ᠡᠮᠬᠢ ᠳᠢᠭᠯᠢᠮ ᠢ ᠦᠨᠡᠨ ᠬᠦ ᠪᠠᠲᠤᠯᠠᠬᠤ ᠶᠢᠨ ᠬᠠᠮᠲᠤ᠂ ᠰᠠᠭᠤᠭᠠᠯᠢ ᠠᠷᠠᠳ ᠤᠨ ᠭᠠᠯ ᠤᠨ

ᠭᠠᠮᠰᠢᠭ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠵᠦ᠂ ᠡᠶ᠎ᠡ ᠵᠣᠬᠢᠴᠠᠯ ᠲᠠᠢ ᠠᠮᠤᠷ ᠠᠮᠤᠭᠤᠯᠠᠩ ᠨᠡᠶᠢᠭᠡᠮ

ᠲᠣᠭᠤᠷᠢᠭ ᠢ ᠪᠦᠲᠦᠭᠡᠨ ᠪᠠᠶᠢᠭᠤᠯᠬᠤ ᠳᠤ ᠪᠠᠲᠤ ᠰᠠᠭᠤᠷᠢ ᠶᠢ ᠲᠠᠯᠪᠢᠭᠰᠠᠨ ᠪᠠᠶᠢᠨ᠎ᠠ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号