ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠪᠠᠶᠢᠳᠠᠯ ᠢ ᠪᠦᠬᠦ ᠲᠠᠯ᠎ᠠ ᠪᠠᠷ  ᠤᠶᠢᠯᠠᠭᠠᠨ᠎ᠠ
ᠨᠡᠶᠢᠲᠡᠯᠡᠭᠰᠡᠨ ᠴᠠᠭ᠄
2022/6/16
        ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠳᠠᠬᠢ ᠮᠡᠬᠡᠯᠡᠯ ᠤᠨ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠨᠠᠰᠤᠲᠠᠶᠢᠴᠤᠳ ᠤᠨ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠪᠢ ᠬᠠᠷᠢᠶ᠎ᠠ ᠣᠷᠣᠨ ᠤ ᠪᠠᠨ ᠡᠯ᠎ᠡ ᠲᠦᠷᠦᠯ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠯᠠᠪᠤᠷ ᠵᠡᠷᠭᠡ ᠳᠤ ᠪᠦᠬᠦ ᠲᠠᠯ᠎ᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ‌‍ᠱᠢ ᠭᠤᠸᠠᠢ ᠲᠣᠭᠤᠷᠢᠭ ᠤᠨ ᠨᠢᠭᠡ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ ᠵᠢᠴᠢ ᠭᠠᠴᠠᠭᠠᠨ ᠤ ᠠᠷᠠᠳ ᠤᠨ ᠵᠥᠪᠯᠡᠯ ᠲᠠᠢ ᠨᠡᠪᠲᠡᠷᠡᠯᠴᠡᠵᠦ ᠬᠢᠨᠠᠨ ᠬᠠᠷᠭᠤᠭᠤᠯᠬᠤ ᠪᠠᠷ ᠳᠡᠮᠵᠢᠨ᠂ ᠲᠣᠰ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠪᠣᠳᠠᠲᠠᠢ ᠡᠵᠡᠩᠨᠡᠯᠲᠡ ᠶᠢᠨ ᠦᠵᠡᠭᠳᠡᠯ ᠪᠠᠶᠢᠬᠤ ᠦᠭᠡᠢ᠂ ᠲᠦᠷ ᠠᠵᠢᠯᠯᠠᠭᠤᠯᠤᠭᠰᠠᠨ ᠦᠭᠡᠢ᠃ᠲᠠᠷᠠᠭᠠᠴᠢ ᠶᠢᠨ ᠠᠯᠬᠤᠮ ᠳᠤ᠂ ᠮᠠᠨ ᠤ ᠤᠯᠤᠰ ᠤᠨ ᠠᠯᠪᠠᠨ ᠭᠡᠷ ᠠᠴᠠ ᠱᠢ ᠭᠤᠸᠠᠢ ᠬᠠᠭᠤᠴᠢᠨ ᠲᠣᠭᠤᠷᠢᠭ ᠲᠤ ᠵᠢᠭᠰᠠᠭᠠᠨ ᠪᠠᠶᠢᠴᠠᠭᠠᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠠᠰᠤᠵᠢᠯ ᠤᠨ ᠮᠡᠬᠡᠯᠡᠯ ᠤᠨ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠵᠦ ᠵᠠᠯᠬᠠᠭᠠᠨ ᠰᠢᠳᠭᠡᠵᠦ᠂ ᠨᠠᠰᠤᠵᠢᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠴᠡᠪᠡᠷᠰᠢᠭᠦᠯᠦᠨ᠂ ᠨᠠᠰᠤᠵᠢᠯ ᠤᠨ ᠦᠢᠯᠡᠴᠢᠯᠡᠭᠡᠨ ᠤ ᠠᠵᠢᠯ ᠲᠥᠷᠥᠯ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠨᠠᠰᠤᠲᠠᠶᠢᠴᠤᠳ ᠨᠢᠭᠡᠪᠦᠷᠢ ᠳᠤ ᠪᠠᠲᠤᠯᠠᠭ᠎ᠠ ᠲᠠᠢ ᠴᠢᠨᠠᠷ ᠴᠢᠨᠰᠠᠭ᠎ᠠ ᠲᠠᠢ ᠥᠲᠡᠯᠦᠭᠡ ᠨᠠᠰᠤᠨ ᠤ ᠠᠮᠢᠳᠤᠷᠠᠯ ᠢ ᠡᠳ᠋ᠯᠡᠭᠦᠯᠦᠨ᠎ᠡ᠃
 
ᠢᠷᠡᠯᠲᠡ᠄ ᠮᠥᠩᠭᠦᠨ ᠭᠦᠢᠯᠭᠡᠭᠡᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号