ᠪᠡᠳᠬᠡᠷ  ᠵᠤᠤ ᠦᠵᠡᠮᠵᠢ  ᠶᠢᠨ ᠣᠷᠣᠨ ᠳᠤ ᠨᠠᠰᠤᠵᠢᠯ ᠤᠨ ᠠᠰᠠᠷᠠᠮᠵᠢ  ᠶᠢᠨ ᠮᠡᠬᠡᠯᠡᠯ ᠳᠤ ᠴᠣᠬᠢᠯᠲᠠ ᠥᠭᠬᠦ ᠠᠵᠢᠯᠯᠠᠭ᠎ᠠ  ᠶᠠᠪᠤᠭᠳᠠᠭᠤᠯᠪᠠ
ᠨᠡᠶᠢᠲᠡᠯᠡᠭᠰᠡᠨ ᠴᠠᠭ᠄
2022/6/16
        ᠨᠠᠰᠤᠵᠢᠯ ᠤᠨ ᠨᠡᠶᠢᠭᠡᠮ ᠤᠨ ᠲᠦᠷᠭᠡᠨ ᠬᠦᠷᠴᠦ ᠢᠷᠡᠬᠦ ᠶᠢ ᠳᠠᠭᠠᠯᠳᠤᠨ᠂ ᠮᠠᠨ ᠤ ᠤᠯᠤᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠶᠠᠯᠠᠲᠤ ᠠᠵᠢᠯᠯᠠᠭ᠎ᠠ ᠶᠡᠷᠦᠩᠬᠡᠢ ᠳᠡᠭᠡᠨ ᠨᠡᠮᠡᠭᠳᠡᠬᠦ ᠬᠠᠨᠳᠤᠰᠢ ᠲᠠᠢ ᠪᠣᠯᠵᠤ᠂ ᠬᠠᠤᠯᠢ ᠪᠤᠰᠤ ᠡᠲᠡᠭᠡᠳ ᠨᠠᠰᠤᠲᠠᠶᠢᠴᠤᠳ ᠤᠨ ᠢᠯᠭᠠᠨ ᠲᠠᠨᠢᠬᠤ ᠴᠢᠳᠠᠪᠤᠷᠢ ᠪᠠᠷ ᠴᠢᠩᠭ᠎ᠠ ᠪᠢᠰᠢ᠂ ᠡᠷᠬᠡ ᠠᠰᠢᠭ ᠢ ᠬᠠᠮᠠᠭᠠᠯᠠᠬᠤ ᠴᠢᠳᠠᠪᠤᠷᠢ ᠪᠠᠷ ᠬᠦᠷᠦᠯᠴᠡᠬᠦ ᠦᠭᠡᠢ ᠪᠠᠭᠤᠷᠠᠢ ᠲᠠᠯ᠎ᠠ ᠶᠢ ᠠᠰᠢᠭᠯᠠᠨ᠂ ︽ᠨᠠᠰᠤᠵᠢᠯ ᠤᠨ ᠠᠰᠠᠷᠠᠮᠵᠢ︾ ᠪᠠᠷ ᠬᠠᠯᠬᠠᠪᠴᠢ ᠪᠣᠯᠭᠠᠭᠰᠠᠨ ᠮᠡᠬᠡᠯᠡᠬᠦ ᠠᠵᠢᠯᠯᠠᠭ᠎ᠠ ᠲᠠᠰᠤᠷᠠᠯᠲᠠ ᠦᠭᠡᠢ ᠨᠡᠮᠡᠭᠳᠡᠵᠦ᠂ ᠵᠠᠬ᠎ᠠ ᠳᠡᠯᠭᠡᠭᠦᠷ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠤ ᠦᠢᠯᠡᠰ ᠪᠠ ᠮᠥᠩᠭᠦᠨ ᠭᠦᠢᠯᠭᠡᠭᠡᠨ ᠤ ᠡᠮᠬᠢ ᠵᠢᠷᠤᠮ ᠢ ᠰᠠᠮᠠᠭᠤᠷᠠᠭᠤᠯᠵᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠳ᠋ ᠬᠥᠷᠥᠩᠭᠡ ᠶᠢᠨ ᠡᠷᠬᠡ ᠠᠰᠢᠭ ᠢ ᠴᠤ ᠬᠦᠨᠳᠦ ᠨᠣᠴᠢᠲᠠᠢ ᠬᠤᠬᠢᠷᠠᠭᠤᠯᠵᠤ ᠪᠠᠶᠢᠨ᠎ᠠ᠃         ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠲᠠᠪᠤᠨ ᠳ᠋ᠠᠩ ᠵᠣᠣ ᠶᠢᠨ ᠦᠵᠡᠮᠵᠢ ᠶᠢᠨ ᠣᠷᠣᠨ ᠤ ᠵᠤᠭᠠᠴᠠᠭᠰᠠᠳ ᠣᠯᠠᠰᠢᠷᠠᠵᠤ᠂ ᠠᠵᠢᠯᠲᠠᠳ ︽ᠨᠠᠰᠤᠲᠠᠢ ᠨᠠᠶᠢᠵᠠ ᠨᠠᠷ ︽ᠵᠣᠭᠤᠰᠤᠨ ᠤᠭᠤᠲᠠ︾ ᠪᠠᠨ ᠬᠡᠷᠬᠢᠨ ᠰᠠᠬᠢᠬᠤ᠂ ᠰᠡᠷᠭᠡᠶᠢᠯᠡᠬᠦ ᠤᠬᠠᠮᠰᠠᠷ ᠢᠶᠠᠨ ᠬᠡᠷᠬᠢᠨ ᠳᠡᠭᠡᠭᠰᠢᠯᠡᠭᠦᠯᠬᠦ︾ ᠪᠠᠷ ᠭᠤᠣᠯ ᠰᠡᠳᠦᠪ ᠪᠣᠯᠭᠠᠵᠤ᠂ ᠦᠵᠡᠮᠵᠢ ᠶᠢᠨ ᠣᠷᠣᠨ ᠳᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ᠡᠭᠦᠨ ᠤ ᠬᠠᠮᠲᠤ᠂ ᠦᠵᠡᠮᠵᠢ ᠶᠢᠨ ᠣᠷᠣᠨ ᠤ ᠠᠭᠤᠳᠠᠮ ᠲᠠᠯᠠᠪᠠᠶ ᠶᠢᠨ ᠡᠯᠧᠺᠲᠷᠣᠨ ᠳᠡᠯᠭᠡᠴᠡ ᠵᠢᠴᠢ ᠬᠥᠨᠳᠡᠯᠡᠨ ᠪᠢᠴᠢᠭᠡᠰᠦ ᠲᠠᠲᠠᠬᠤ ᠬᠡᠯᠪᠡᠷᠢ ᠶᠢ ᠠᠰᠢᠭᠯᠠᠨ ᠦᠷᠭᠦᠯᠵᠢᠯᠡᠨ ᠤᠬᠠᠭᠤᠯᠵᠤ᠂ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠵᠤ᠂ ᠨᠠᠰᠤᠲᠠᠶᠢᠴᠤᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠥᠪᠡᠷ ᠢ ᠪᠠᠨ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃

 
ᠢᠷᠡᠯᠲᠡ᠄ ᠪᠡᠳᠬᠡᠷ ᠵᠤᠤ ᠦᠵᠡᠮᠵᠢ  ᠶᠢᠨ ᠣᠷᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号