ᠰᠦᠯᠵᠢᠶᠡᠨ ᠳᠡᠭᠡᠷᠡᠬᠢ ᠱᠢ ᠭᠤᠸᠠᠢ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠴᠡᠴᠡᠷᠡᠬᠦ ᠲᠠᠭᠤᠨ ᠤ ᠠᠩᠬ᠎ᠠ ᠨᠡᠪᠲᠡᠷᠡᠭᠦᠯᠭᠡ ᠤᠷᠤᠭᠰᠢᠲᠠᠢ ᠡᠬᠢᠯᠡᠪᠡ
ᠨᠡᠶᠢᠲᠡᠯᠡᠭᠰᠡᠨ ᠴᠠᠭ᠄
2022/6/16
       ᠱᠢ ᠭᠤᠸᠠᠢ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠤᠯᠠᠮᠵᠢᠯᠠᠯᠲᠤ ᠵᠠᠭᠤᠴᠢᠯᠠᠭᠤᠷ ᠤᠨ ᠤᠬᠠᠭᠤᠯᠭ᠎ᠠ ᠶᠢ ᠰᠠᠶᠢᠲᠤᠷ ᠬᠢᠬᠦ ᠶᠢᠨ ᠬᠠᠮᠲᠤ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢᠨ ᠬᠡᠯᠪᠡᠷᠢ ᠶᠢ ᠢᠳᠡᠪᠬᠢᠲᠡᠢ ᠬᠠᠶᠢᠨ ᠰᠦᠪᠡᠭᠴᠢᠯᠡᠨ᠎ᠡ‌ᠣᠶᠢᠷ᠎ᠠ ᠳᠤ᠂ ᠱᠢ ᠭᠤᠸᠠᠢ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠤ ᠲᠠᠯ᠎ᠠ ᠶᠢᠨ ᠳᠠᠭᠤᠨ ᠤ ᠲᠠᠩᠰᠠᠨ ᠤ ᠨᠣᠮᠧᠷ ᠢᠶᠠᠷ ᠠᠵᠢᠯ ᠣᠯᠭᠤᠬᠤ ᠪᠠ ᠦᠢᠯᠡᠰ ᠴᠣᠭᠴᠠᠯᠠᠬᠤ ᠲᠤᠰᠬᠠᠢ ᠲᠠᠯᠠᠪᠤᠷ ᠤᠨ ᠠᠩᠬᠠᠨ ᠤ ᠨᠡᠪᠲᠡᠷᠡᠭᠦᠯᠭᠡ ᠬᠢᠵᠦ᠂ ᠴᠠᠭ ᠲᠤᠬᠠᠢ ᠳᠤᠨᠢ ᠠᠷᠠᠳ ᠲᠠᠢ ᠬᠠᠷᠢᠯᠴᠠᠬᠤ ᠶᠢ ᠪᠡᠶᠡᠯᠡᠭᠦᠯᠪᠡ᠃       6 ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨᠠᠬᠢ 15 ᠴᠠᠭ ᠲᠤ ᠡᠬᠢᠯᠡᠨ ᠨᠡᠪᠲᠡᠷᠡᠭᠦᠯᠦᠨ᠎ᠡ᠂ ᠲᠣᠰ ᠤᠳᠠᠭᠠᠨ ᠤ ᠰᠢᠭᠤᠳ ᠨᠡᠪᠲᠡᠷᠡᠭᠦᠯᠭᠡ ᠨᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠠᠯᠠᠭ᠎ᠠ ᠮᠥᠴᠢᠷ ᠠᠴᠠ ᠲᠤᠰᠬᠠᠢ ᠬᠥᠮᠥᠨ ᠲᠣᠬᠢᠷᠠᠭᠤᠯᠤᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠰᠦᠯᠵᠢᠶᠡᠨ ᠳᠡᠭᠡᠷ᠎ᠡ ᠲᠠᠶᠢᠯᠪᠤᠷᠢᠯᠠᠬᠤ ᠪᠠᠷ ᠭᠤᠣᠯ ᠰᠢᠵᠢᠮ ᠪᠣᠯᠭᠠᠬᠤ ᠶᠢᠨ ᠬᠠᠮᠲᠤ᠂ ᠮᠠᠨ ᠤ ᠣᠷᠣᠨ ᠤ ᠬᠡᠰᠡᠭ ᠠᠵᠤ ᠠᠬᠤᠶᠢᠯᠠᠯ ᠳᠤ ᠠᠵᠢᠯᠲᠠᠨ ᠡᠯᠰᠡᠵᠦ᠂ ᠠᠮᠢᠳᠤᠯᠢᠭ ᠪᠥᠭᠡᠳ ᠰᠢᠭᠤᠳ ᠦᠵᠡᠭᠦᠯᠬᠦ ᠬᠡᠯᠪᠡᠷᠢ ᠪᠠᠷ ᠥᠷᠭᠡᠨ ᠣᠯᠠᠨ ᠰᠦᠯᠵᠢᠶᠡᠨ ᠨᠠᠶᠢᠵᠠ ᠨᠠᠷ ᠲᠠᠢ ᠲᠤᠬᠠᠢ ᠶᠢᠨ ᠲᠠᠯᠠᠪᠤᠷ ᠲᠤ ᠰᠠᠨᠠᠯ ᠢᠶᠠᠨ ᠰᠣᠯᠢᠯᠴᠠᠵᠤ᠂ ᠮᠠᠳᠠᠭ ᠲᠠᠢ ᠠᠰᠠᠭᠤᠳᠠᠯ ᠢ  ᠨᠢ ᠰᠢᠢᠳᠪᠦᠷᠢᠯᠡᠵᠦ ᠥᠭᠬᠦ ᠪᠣᠯᠣᠨ᠎ᠠ᠃90 ᠭᠠᠷᠤᠢ ᠮᠢᠨᠦ᠋ᠲ ᠤᠨ ᠰᠢᠭᠤᠳ ᠨᠡᠪᠲᠡᠷᠡᠭᠦᠯᠭᠡ ᠨᠢ ᠮᠢᠩᠭ᠎ᠠ ᠰᠢᠬᠠᠮ ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠢ ᠲᠠᠲᠠᠵᠠᠢ᠃︽ᠡᠶᠢᠮᠦᠷᠬᠦ ᠰᠢᠭᠤᠳ ᠨᠡᠪᠲᠡᠷᠡᠭᠦᠯᠭᠡ ᠦᠨᠡᠬᠡᠷ ᠬᠦᠴᠦᠨ ᠲᠠᠢ︾ᠭᠡᠵᠦ ᠨᠢᠭᠡᠨ ᠰᠦᠯᠵᠢᠶᠡᠨ ᠤ ᠨᠠᠶᠢᠵᠠ ᠨᠠᠷ ᠰᠢᠭᠤᠳ ᠨᠡᠪᠲᠡᠷᠡᠭᠦᠯᠭᠡ ᠶᠢᠨ ᠳᠤᠮᠳᠠ ᠢᠩᠭᠢᠵᠦ ᠦᠨᠡᠯᠡᠪᠡ᠃ᠲᠣᠰ ᠤᠳᠠᠭᠠᠨ ᠤ ᠰᠢᠭᠤᠳ ᠨᠡᠪᠲᠡᠷᠡᠭᠦᠯᠭᠡ ᠨᠢ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠴᠤ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠬᠢᠬᠦ ᠳᠤ ᠣᠷᠣᠯᠴᠠᠵᠤ᠂ ᠣᠯᠠᠨ ᠢᠶᠠᠷ ᠢᠶᠠᠨ ᠢᠳᠡᠪᠬᠢᠲᠡᠢ ᠪᠠᠷ ᠨᠡᠷ᠎ᠡ ᠮᠡᠳᠡᠭᠦᠯᠵᠦ ᠠᠵᠢᠯ ᠣᠯᠬᠤ ᠶᠢ ᠵᠣᠷᠢᠭᠵᠢᠭᠤᠯᠵᠠᠢ᠂ ᠮᠠᠨ ᠤ ᠲᠣᠪᠴᠢᠶ᠎ᠠ ᠶᠢᠨ ᠠᠵᠢᠯᠲᠠᠨ ᠴᠤ ᠰᠦᠯᠵᠢᠶᠡᠨ ᠠᠨᠳᠠ ᠨᠠᠷ ᠤᠨ ᠠᠰᠠᠭᠤᠨ ᠯᠠᠪᠯᠠᠭᠰᠠᠨ ᠠᠯᠢ ᠣᠯᠠᠨ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠰᠦᠯᠵᠢᠶᠡᠨ ᠠᠨᠳᠠ ᠨᠠᠷ ᠤᠨ ᠨᠢᠭᠡᠳᠦᠯᠲᠡᠢ ᠰᠠᠶᠢᠨ ᠦᠨᠡᠯᠡᠯᠲᠡ ᠶᠢ ᠣᠯᠵᠤ᠂ ᠰᠢᠭᠤᠳ ᠨᠡᠪᠲᠡᠷᠡᠭᠦᠯᠭᠡ ᠢᠯᠡᠳᠲᠡ ᠦᠷ᠎ᠡ ᠪᠦᠲᠦᠮᠵᠢ ᠣᠯᠵᠠᠢ᠃

      ᠳᠠᠷᠠᠭᠠᠴᠢ ᠶᠢᠨ ᠠᠯᠬᠤᠮ ᠳᠤ᠂ ᠱᠢ ᠭᠤᠸᠠᠢ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ

ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠳᠠᠭᠤ ᠴᠡᠴᠡᠷᠡᠭᠦᠯᠬᠦ ᠲᠠᠪᠴᠠᠩ ᠤᠨ ᠡᠵᠡᠩᠨᠡᠯᠲᠡ ᠪᠠ ᠬᠠᠮᠠᠭᠠᠯᠠᠯᠲᠠ ᠶᠢ

ᠦᠷᠭᠦᠯᠵᠢᠯᠡᠨ ᠰᠠᠶᠢᠲᠤᠷ ᠬᠢᠵᠦ᠂ ᠭᠠᠷᠠᠭ ᠤᠨ ᠲᠠᠪᠤᠨ ᠤ ᠦᠳᠡ ᠶᠢᠨ ᠬᠤᠶᠢᠨᠠᠬᠢ 15 ᠴᠠᠭ ᠲᠤ ᠠᠵᠢᠯ ᠣᠯᠬᠤ

ᠪᠠ ᠠᠳᠠᠯ ᠦᠢᠯᠡᠰ ᠴᠣᠭᠴᠠᠯᠠᠬᠤ᠂ ᠨᠡᠶᠢᠭᠡᠮ ᠤᠨ ᠳᠠᠭᠠᠳᠬᠠᠯ᠂ ᠬᠥᠳᠡᠯᠮᠦᠷᠢ ᠶᠢᠨ ᠬᠠᠷᠢᠴᠠᠭ᠎ᠠ᠂ ᠠᠵᠢᠯᠲᠠᠨ ᠤ

ᠶᠠᠪᠤᠳᠠᠯ ᠤᠨ ᠴᠢᠳᠠᠪᠤᠷᠢᠲᠠᠨ ᠢ ᠲᠤᠰᠬᠠᠶᠢᠯᠠᠨ ᠰᠢᠭᠤᠳ ᠨᠡᠪᠲᠡᠷᠡᠭᠦᠯᠬᠦ ᠶᠢ ᠪᠠᠷᠢᠮᠲᠠᠯᠠᠬᠤ ᠶᠢᠨ ᠬᠠᠮᠲᠤ ᠰᠢᠭᠤᠳ

ᠨᠡᠪᠲᠡᠷᠡᠭᠦᠯᠭᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ

ᠢᠳᠡᠪᠬᠢᠲᠡᠢ ᠪᠠᠷ ᠴᠡᠭᠴᠡᠯᠡᠨ ᠰᠠᠶᠢᠵᠢᠷᠠᠭᠤᠯᠵᠤ᠂ ᠰᠢᠭᠤᠳ ᠨᠡᠪᠲᠡᠷᠡᠭᠦᠯᠭᠡ ᠪᠠ ᠪᠦᠲᠦᠭᠡᠯ ᠤᠨ ᠶᠠᠰᠤ ᠴᠢᠨᠠᠷ ᠢ

ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠦᠯᠵᠢᠶᠡᠨ ᠤ ᠨᠠᠶᠢᠵᠠ ᠨᠠᠷ ᠤᠨ ᠬᠥᠮᠥᠨ ᠤ ᠬᠦᠴᠦᠨ ᠤ ᠡᠬᠢ ᠪᠠᠶᠠᠯᠢᠭ

ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠲᠤᠬᠠᠢ ᠨᠡᠶᠢᠭᠡᠮ ᠤᠨ ᠠᠩᠬᠠᠷᠤᠯ ᠤᠨ ᠬᠡᠮᠵᠢᠶ᠎ᠡ᠂

ᠮᠡᠳᠡᠷᠡᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃

 
ᠢᠷᠡᠯᠲᠡ᠄ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号