ᠰᠢᠭᠤᠶᠢᠲᠤ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠪᠠᠶᠢᠭᠤᠯᠤᠯᠭ᠎ᠠ ᠶᠢᠨ ᠨᠠᠮ ᠤᠨ ᠡᠭᠦᠷ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠵᠢᠷᠤᠮᠵᠢᠭᠤᠯᠬᠤ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ  ᠶᠠᠷᠢᠯᠴᠠᠪᠠ
ᠨᠡᠶᠢᠲᠡᠯᠡᠭᠰᠡᠨ ᠴᠠᠭ᠄
2022/6/16
       5 ᠰᠠᠷ᠎ᠠ ᠶᠢᠨ 10  ᠤ ᠡᠳᠦᠷ᠂ ᠡᠳ᠋ ᠤᠨ ᠵᠠᠰᠠᠭ ᠤᠨ ᠲᠣᠪᠴᠢᠶ᠎ᠠ ᠶᠢᠨ ᠪᠠᠶᠢᠭᠤᠯᠤᠯᠭ᠎ᠠ ᠶᠢᠨ ᠨᠠᠮ ᠤᠨ ᠡᠭᠦᠷ ᠬᠤᠷᠠᠯ ᠤᠨ ᠭᠡᠷ ᠲᠤ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠵᠢᠷᠤᠮᠵᠢᠭᠤᠯᠬᠤ ᠢᠯᠠᠩᠭᠤᠶ᠎ᠠ ᠪᠣᠯᠭᠢᠴᠢᠯᠠᠵᠤ ᠠᠷᠠᠯᠵᠢᠶᠠᠯᠠᠬᠤ ᠶᠢ ᠵᠠᠰᠠᠬᠤ ᠠᠰᠠᠭᠤᠳᠠᠯ ᠤᠨ ᠲᠣᠭᠤᠷᠢᠨ ᠳᠤ ᠰᠤᠳᠤᠯᠤᠨ ᠶᠠᠷᠢᠯᠴᠠᠪᠠ᠃ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠬᠡᠷᠬᠢᠨ ᠭᠦᠨᠵᠡᠭᠡᠢ ᠲᠠᠨᠢᠵᠤ᠂ ᠨᠠᠮ ᠤᠨ ᠭᠡᠰᠢᠭᠦᠨ ᠺᠠᠳ᠋ᠷᠴᠤᠳ ᠲᠤ ᠵᠠᠰᠠᠯᠲᠠ ᠶᠢᠨ ᠠᠵᠢᠯ ᠤᠨ ᠳᠤᠮᠳᠠ ᠬᠥᠮᠦᠵᠢᠯ ᠬᠦᠷᠲᠡᠭᠡᠵᠦ᠂ ᠤᠬᠢᠶᠠᠯ ᠬᠦᠷᠲᠡᠭᠡᠬᠦ ᠶᠢ ᠭᠤᠣᠯᠳᠠᠯᠭ᠎ᠠ ᠲᠠᠢ ᠰᠤᠳᠤᠯᠤᠨ ᠶᠠᠷᠢᠯᠴᠠᠨ᠎ᠠ︔ᠬᠡᠷᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠬᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠪᠣᠳᠠᠲᠠᠶᠢᠵᠢᠭᠤᠯᠬᠤ᠂ ᠦᠨᠡᠨ ᠢ ᠪᠠᠷᠢᠮᠲᠠᠯᠠᠨ ᠬᠠᠲᠠᠭᠤ ᠵᠦᠢᠯ ᠢ ᠬᠦᠨᠳᠡᠬᠦ ᠶᠢ ᠭᠤᠣᠯᠳᠠᠯᠭ᠎ᠠ ᠲᠠᠢ ᠰᠤᠳᠤᠯᠤᠨ ᠶᠠᠷᠢᠯᠴᠠᠵᠤ᠂ ᠲᠥᠪᠯᠡᠷᠡᠭᠦᠯᠦᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠡᠷᠡᠭᠦᠯ ᠪᠥᠭᠡᠳ ᠵᠢᠷᠤᠮᠵᠢᠭᠰᠠᠨ ᠵᠠᠮ ᠳᠤ ᠪᠦᠬᠦ ᠲᠠᠯ᠎ᠠ ᠪᠠᠷ ᠪᠤᠴᠠᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃       ᠨᠠᠮ ᠤᠨ ᠡᠭᠦᠷ ᠤᠨ ᠳᠡᠳ᠋ ᠱᠦᠵᠢ ᠰᠢᠶᠣᠣ ᠹᠧᠩ ᠬᠤᠷᠠᠯ ᠡᠷᠭᠢᠯᠡᠪᠡ᠃ᠬᠤᠷᠠᠯ ᠳᠡᠭᠡᠷ᠎ᠡ ︽ᠨᠢᠭᠡᠳᠦᠭᠡᠷ ᠵᠥᠪᠯᠡᠬᠦ ᠰᠡᠳᠦᠪ︾ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠪᠠ᠃ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠶᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠡᠷᠡᠭᠦᠯ ᠪᠥᠭᠡᠳ ᠵᠢᠷᠤᠮᠵᠢᠭᠰᠠᠨ ᠵᠠᠮ ᠳᠤ ᠪᠦᠬᠦ ᠲᠠᠯ᠎ᠠ ᠪᠠᠷ ᠪᠤᠴᠠᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃       ᠰᠢᠶᠣᠣ ᠹᠥ᠋ᠩ ᠨᠥᠬᠦᠷ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠠᠵᠢᠯ ᠤᠨ ᠳᠦᠷᠢᠮ︾︾ ᠢ ᠤᠯᠠᠮᠵᠢᠯᠠᠨ ᠰᠤᠷᠤᠯᠴᠠᠵᠤ᠂ ᠶᠡᠷᠦᠩᠬᠡᠢ ᠳᠦᠷᠢᠮ ᠢ ᠲᠣᠳᠣᠷᠬᠠᠶᠢᠯᠠᠵᠤ᠂ ᠦᠨᠳᠦᠰᠦᠨ ᠵᠠᠷᠴᠢᠮ ᠢ ᠵᠢᠷᠤᠮᠯᠠᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠢ ᠴᠢᠬᠤᠯᠠ ᠶᠠᠪᠤᠳᠠᠯ ᠪᠣᠯᠭᠠᠨ ᠰᠤᠷᠤᠯᠴᠠᠭᠤᠯᠵᠤ᠂ ᠰᠠᠨᠠᠭᠠᠴᠢᠯᠠᠭ᠎ᠠ ᠠᠴᠠ ᠪᠠᠨ ᠰᠤᠷᠤᠯᠴᠠᠭᠤᠯᠵᠤ᠂ ᠭᠦᠨᠵᠡᠭᠡᠢ ᠣᠶᠢᠯᠠᠭᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠦᠷᠭᠦᠯᠵᠢᠯᠡᠬᠦ ᠴᠢᠨᠠᠷᠲᠠᠢ ᠰᠤᠷᠤᠯᠴᠠᠯᠭ᠎ᠠ ᠶᠢ ᠲᠤᠪᠤᠶᠢᠯᠭᠠᠪᠠ᠃ᠬᠤᠷᠠᠯ ᠳᠡᠭᠡᠷ᠎ᠡ ᠰᠢᠶᠣᠣ ᠹᠥ᠋ᠩ ᠨᠥᠬᠦᠷ᠂ ᠸᠠᠩ ᠱᠤᠤ ᠯᠢᠩ ᠨᠥᠬᠦᠷ᠂ ᠵᠤᠤ ᠬᠠᠢ ᠶᠠᠨ ᠵᠡᠷᠭᠡ ᠨᠥᠬᠦᠳ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠠᠢ᠃ᠶᠠᠷᠢᠶ᠎ᠠ ᠲᠠᠯᠪᠢᠭᠰᠠᠨ ᠨᠠᠮ ᠤᠨ ᠭᠡᠰᠢᠭᠦᠳ ︽ᠲᠣᠭᠤᠷᠢᠭ ᠰᠣᠶᠣᠯ᠂ ᠭᠠᠷᠠᠮ ᠤᠨ ᠰᠣᠶᠣᠯ᠂ ᠠᠷᠢᠬᠢᠨ ᠰᠢᠷᠡᠭᠡᠨ ᠤ ᠰᠣᠶᠣᠯ᠂ ᠰᠠᠶᠢᠮᠰᠤᠷᠠᠬᠤ ᠦᠵᠡᠯ᠂ ᠡᠷᠬᠡ ᠡᠷᠬᠡ ᠶᠢᠨ ᠰᠣᠯᠢᠯᠴᠠᠭ᠎ᠠ︾ ᠵᠡᠷᠭᠡ 11 ᠲᠠᠯ᠎ᠠ ᠶᠢᠨ ᠠᠰᠠᠭᠤᠳᠠᠯ ᠳᠤ ᠴᠢᠭᠯᠡᠭᠦᠯᠦᠨ᠂ ᠥᠪᠡᠷ ᠤᠨ ᠪᠡᠶ᠎ᠡ ᠳᠡᠭᠡᠨ ᠭᠦᠨᠵᠡᠭᠡᠢ ᠵᠠᠳᠠᠯᠤᠯᠲᠠ ᠬᠢᠪᠡ᠃ᠲᠡᠷᠡᠴᠢᠯᠡᠨ ᠥᠪᠡᠷ ᠢ ᠪᠠᠨ ᠴᠠᠭ ᠢᠮᠠᠭᠲᠠ ᠬᠠᠷᠢᠭᠤᠴᠠᠯᠭᠠᠲᠤ ᠤᠬᠠᠮᠰᠠᠷ ᠢᠶᠠᠨ ᠪᠠᠲᠤᠳᠬᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠪᠠᠲᠤ ᠰᠠᠬᠢᠵᠤ᠂ ᠤᠭ ᠰᠠᠨᠠᠭ᠎ᠠ ᠤᠭ ᠴᠢᠨᠠᠷ ᠢᠶᠠᠨ ᠪᠠᠷᠢᠮᠲᠠᠯᠠᠬᠤ ᠬᠡᠷᠡᠭᠲᠡᠢ ᠭᠡᠵᠦ ᠱᠠᠭᠠᠷᠳᠠᠵᠠᠢ᠃       ᠰᠢᠶᠣᠣ ᠹᠧᠩ ᠨᠥᠬᠦᠷ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠰᠤᠳᠤᠯᠤᠨ ᠶᠠᠷᠢᠯᠴᠠᠵᠤ ᠰᠣᠯᠢᠯᠴᠠᠬᠤ ᠪᠣᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢᠨ ᠳᠤᠮᠳᠠᠬᠢ ᠮᠠᠰᠢ ᠴᠢᠬᠤᠯᠠ ᠨᠢᠭᠡ ᠬᠡᠰᠡᠭ ᠮᠥᠨ᠂ ᠨᠠᠮ ᠤᠨ ᠭᠡᠰᠢᠭᠦᠨ ᠢ ᠭᠤᠣᠯᠳᠠᠯᠭ᠎ᠠ ᠲᠠᠢ ᠬᠠᠯᠠᠮᠵᠢᠯᠠᠨ ᠬᠥᠮᠥᠵᠢᠭᠦᠯᠵᠦ ᠪᠠᠶᠢᠭ᠎ᠠ ᠶᠠᠪᠤᠳᠠᠯ ᠮᠥᠨ ᠭᠡᠵᠡᠢ᠃ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ ᠨᠠᠷᠢᠨ ᠬᠢᠨᠠᠮᠠᠭᠠᠢ ᠥᠷᠨᠢᠭᠦᠯᠬᠦ ᠬᠡᠷᠡᠭᠲᠡᠢ᠃ᠥᠨᠥᠳᠥᠷ ᠡᠨᠡᠬᠦ ᠠᠵᠠ ᠲᠣᠬᠢᠶᠠᠯ ᠢ ᠰᠤᠳᠤᠯᠤᠨ ᠶᠠᠷᠢᠯᠴᠠᠬᠤ ᠪᠠᠷ ᠳᠠᠮᠵᠢᠨ᠂ ᠤᠯᠠᠨ ᠢᠶᠠᠷ ᠢᠶᠠᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠳᠤ ᠨᠡᠩ ᠲᠥᠪ ᠴᠢᠩᠭ᠎ᠠ ᠨᠠᠷᠢᠨ ᠬᠢᠨᠠᠮᠠᠭᠠᠢ ᠬᠠᠨᠳᠤᠵᠤ᠂ ︽ᠭᠤᠷᠪᠠᠨ ᠬᠤᠷᠠᠯ ᠨᠢᠭᠡ ᠬᠢᠴᠢᠶᠡᠯ︾  ᠢ ᠰᠠᠶᠢᠲᠤᠷ ᠨᠠᠶᠢᠳᠠᠪᠤᠷᠢᠵᠢᠭᠤᠯᠵᠤ᠂ ᠬᠢᠷᠢ ᠲᠡᠩᠴᠡᠭᠰᠡᠨ ᠡᠪ ᠬᠠᠮᠲᠤ ᠨᠠᠮ ᠤᠨ ᠭᠡᠰᠢᠭᠦᠨ ᠪᠣᠯᠬᠤ ᠬᠡᠷᠡᠭᠲᠡᠢ᠃ᠦᠵᠡᠯ ᠰᠠᠨᠠᠭᠠᠨ ᠤ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠬᠤ ᠬᠡᠷᠡᠭᠲᠡᠢ᠃ᠡᠭᠦᠨ ᠠᠴᠠ ᠭᠠᠳᠠᠨ᠎ᠠ᠂ ᠱᠠᠭᠠᠷᠳᠠᠭᠰᠠᠨ ᠡᠯ᠎ᠡ ᠵᠦᠢᠯ ᠤᠨ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠮᠠᠲ᠋ᠧᠷᠢᠶᠠᠯ ᠢ ᠲᠤᠭᠤᠷᠪᠢᠨ ᠪᠢᠴᠢᠬᠦ ᠳᠡᠭᠡᠨ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠵᠤ᠂ ᠦᠨᠡᠨ ᠰᠡᠳᠬᠢᠯᠭᠡ ᠪᠠ ᠪᠣᠳᠠᠲᠤ ᠪᠠᠶᠢᠳᠠᠯ ᠲᠠᠢ ᠤᠶᠠᠯᠳᠤᠭᠤᠯᠬᠤ ᠠᠵᠢᠯ ᠢ ᠬᠢᠬᠦ ᠬᠡᠷᠡᠭᠲᠡᠢ᠃
 
ᠢᠷᠡᠯᠲᠡ᠄ ᠰᠢᠭᠤᠶᠢᠲᠤ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号