ᠰᠢᠭᠤᠶᠢᠲᠤ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠠᠰᠠᠭᠤᠳᠠᠯ ᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/16
       5 ᠰᠠᠷ᠎ᠠ ᠶᠢᠨ 16  ᠤ ᠡᠳᠦᠷ᠂ ᠰᠢᠭᠤᠶᠢᠲᠤ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠭᠤᠷᠪᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠭᠰᠠᠨ ᠠᠰᠠᠭᠤᠳᠠᠯ ᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠮᠦ ᠰᠢᠤᠸᠠᠢ ᠭᠠᠩ ᠬᠤᠷᠠᠯ ᠢ ᠡᠷᠬᠢᠯᠡᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠲᠣᠮᠢᠯᠠᠨ ᠰᠠᠭᠤᠯᠭᠠᠭᠰᠠᠨ ᠡᠳ᠋ ᠤᠨ ᠵᠠᠰᠠᠭ ᠤᠨ ᠲᠣᠪᠴᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠴᠧᠨ ᠱᠣ ᠵᠢᠶᠦ᠋ᠨ ᠬᠤᠷᠠᠯ ᠳᠤ ᠣᠷᠣᠯᠴᠠᠪᠠ᠃       ᠬᠤᠷᠠᠯᠳᠤᠭᠠᠨ ᠠᠴᠠ ᠨᠢᠭᠡᠳᠦᠭᠡᠷ ᠵᠥᠪᠯᠡᠬᠦ ᠰᠡᠳᠦᠪ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠲᠤᠬᠠᠢ ᠰᠢ ᠶᠢᠨ ᠫᠢᠩ  ᠤ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠰᠤᠷᠤᠯᠴᠠᠬᠤ ᠳᠤ ᠡᠷᠬᠡᠪᠰᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠡᠭᠦᠷᠢᠳᠡ ᠪᠠᠷᠢᠮᠲᠠᠯᠠᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠬᠦ ᠶᠠᠪᠤᠳᠠᠯ ᠢ ᠡᠭᠦᠷᠢᠳᠡ ᠪᠠᠷᠢᠮᠲᠠᠯᠠᠵᠤ᠂ ᠴᠥᠭᠡᠨ ᠲᠣᠭᠠᠨ ᠤ ᠠᠰᠢᠭ ᠲᠤᠰᠠ ᠶᠢᠨ ᠪᠦᠯᠦᠭᠯᠡᠯ᠂ ᠡᠷᠬᠡ ᠬᠦᠴᠦᠨ ᠤ ᠪᠦᠯᠬᠦᠮ ᠤᠨ ᠣᠷᠣᠯᠠᠨ ᠥᠭᠦᠯᠡᠭᠴᠢ ᠪᠣᠯᠵᠤ ᠶᠠᠭᠠᠬᠢᠭᠰᠠᠨ ᠴᠤ ᠪᠣᠯᠬᠤ ᠦᠭᠡᠢ᠃       ᠬᠤᠷᠠᠯ ᠳᠡᠭᠡᠷ᠎ᠡ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠵᠠᠷᠯᠠᠯ ᠢ ᠤᠯᠠᠮᠵᠢᠯᠠᠵᠤ᠂ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠵᠡᠷᠭᠡ ᠲᠠᠯ᠎ᠠ ᠪᠠᠷ ᠬᠠᠷᠢᠭᠤᠴᠠᠯᠭ᠎ᠠ ᠶᠢ ᠦᠨᠡᠨ ᠬᠦ ᠲᠣᠳᠣᠷᠬᠠᠶᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠬᠢᠵᠦ᠂ ᠡᠳ᠋ ᠤᠨ ᠵᠠᠰᠠᠭ ᠤᠨ ᠠᠵᠢᠯ ᠤᠨ ᠳᠤᠮᠳᠠ ᠶᠡᠭᠡ ᠠᠰᠠᠭᠤᠳᠠᠯ ᠪᠠ ᠵᠠᠷᠴᠢᠮ ᠤᠨ ᠴᠢᠨᠠᠷᠲᠠᠢ ᠠᠯᠳᠠᠭ᠎ᠠ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃       ᠳᠠᠷᠠᠭ᠎ᠠ ᠨᠢ ᠬᠤᠷᠠᠯ   ᠠᠴᠠ ᠰᠥᠩ ᠯᠢᠶᠠᠩ ᠤᠨ ᠰᠠᠬᠢᠯᠭ᠎ᠠ ᠪᠠᠲᠤ ᠬᠠᠤᠯᠢ ᠴᠠᠭᠠᠵᠠ   ᠠᠴᠠ ᠬᠦᠨᠳᠦ ᠨᠣᠴᠢᠲᠠᠢ ᠵᠥᠷᠢᠴᠡᠭᠰᠡᠨ ᠬᠡᠷᠡᠭ ᠤᠨ ᠵᠢᠱᠢᠶ᠎ᠡ   ᠶᠢ ᠵᠠᠷᠯᠠᠨ ᠮᠡᠳᠡᠭᠳᠡᠵᠦ᠂ ᠸᠢᠳᠢᠤ᠋ ᠦᠵᠡᠬᠦ ᠪᠠ ᠪᠢᠴᠢᠭ ᠮᠠᠲ᠋ᠧᠷᠢᠶᠠᠯ ᠤᠨ ᠰᠤᠷᠤᠯᠴᠠᠯᠭ᠎ᠠ   ᠶᠢᠨ ᠬᠡᠯᠪᠡᠷᠢ ᠪᠠᠷ ᠥᠷᠭᠡᠨ ᠣᠯᠠᠨ ᠺᠠᠳ᠋ᠷ ᠠᠵᠢᠯᠲᠠᠨ   ᠢ ᠬᠥᠲᠥᠯᠥᠨ ᠵᠢᠯᠤᠭᠤᠳᠴᠤ ᠪᠠᠶᠢᠭᠠᠳ ᠤᠷᠢᠳᠴᠢᠯᠠᠨ ᠡᠵᠡᠮᠳᠡᠬᠦ᠂ ᠬᠡᠷᠡᠭ   ᠢ ᠪᠠᠭ᠎ᠠ ᠳᠡᠭᠡᠷ᠎ᠡ ᠨᠢ ᠰᠡᠷᠭᠡᠶᠢᠯᠡᠬᠦ ᠠᠵᠢᠯ   ᠢ ᠰᠠᠶᠢᠲᠤᠷ ᠬᠢᠯᠭᠡᠵᠦ᠂ ᠦᠵᠡᠯ ᠰᠠᠨᠠᠭ᠎ᠠ ᠲᠠᠨᠢᠯᠲᠠ   ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠪᠡ᠃ᠰᠦᠩ ᠯᠢᠶᠠᠩ ᠤᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠴᠡᠭᠡᠷᠯᠡᠯ ᠪᠣᠯᠭᠠᠵᠤ᠂ ᠰᠤᠷᠲᠠᠯ ᠤᠨ ᠪᠠᠶᠢᠭᠤᠯᠤᠯᠲᠠ ᠶᠢᠨ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠴᠢᠩᠭᠠᠳᠬᠠᠬᠤ ᠲᠠᠢ ᠤᠶᠠᠯᠳᠤᠭᠤᠯᠵᠤ᠂ ᠠᠷᠢᠭᠤᠨ ᠴᠢᠬᠡᠴᠢ ᠶᠢᠨ ᠤᠭ ᠰᠠᠨᠠᠭ᠎ᠠ ᠶᠢ ᠲᠣᠳᠣᠷᠬᠠᠶᠢᠯᠠᠵᠤ᠂ ᠬᠤᠪᠢᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠰᠠᠶᠢᠲᠤᠷ ᠰᠠᠬᠢᠪᠠ᠃       ᠬᠠᠮᠤᠭ ᠤᠨ ᠰᠡᠭᠦᠯ ᠳᠤ᠂ ᠮᠦ ᠰᠢᠤᠸᠠᠢ ᠭᠠᠩ ᠨᠥᠬᠦᠷ ᠳ᠋ᠦᠩᠨᠡᠯᠲᠡ ᠶᠢᠨ ᠶᠠᠷᠢᠶ᠎ᠠ ᠲᠠᠯᠪᠢᠪᠠ᠃ᠲᠡᠷᠡ ᠢᠯᠡᠷᠬᠡᠶᠢᠯᠡᠬᠦ ᠳᠡᠭᠡᠨ᠂ ᠡᠳ᠋ ᠤᠨ ᠵᠠᠰᠠᠭ ᠤᠨ ᠠᠵᠢᠯᠲᠠᠳ ᠢᠯᠵᠠᠷᠠᠯ   ᠢ ᠡᠰᠡᠷᠭᠦᠴᠡᠨ ᠠᠷᠢᠭᠤᠨ ᠴᠢᠬᠡᠴᠢ   ᠶᠢ ᠡᠷᠬᠢᠮᠯᠡᠬᠦ ᠠᠵᠢᠯ ᠬᠡᠵᠢᠶᠡᠳᠡ ᠳᠠᠭᠤᠰᠤᠰᠢ ᠦᠭᠡᠢ ᠭᠡᠳᠡᠭ   ᠢ ᠴᠠᠭ ᠢᠮᠠᠭᠲᠠ ᠲᠠᠨᠢᠵᠤ᠂ ᠵᠢᠭᠠᠬᠠᠨ ᠴᠤ ᠠᠩᠬᠠᠷᠬᠤ ᠦᠭᠡᠢ ᠪᠣᠯ ᠨᠢᠭᠡ ᠠᠯᠬᠤᠮ ᠪᠤᠷᠤᠭᠤᠳᠠᠭᠰᠠᠨ ᠴᠤ ᠪᠤᠴᠠᠬᠤ ᠵᠠᠮ ᠦᠭᠡᠢ ᠶᠤᠮ ᠭᠡᠵᠡᠢ᠃ᠪᠢᠳᠡ ᠰᠥᠩ ᠯᠢᠶᠠᠩ ᠤᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠴᠡᠭᠡᠷᠯᠡᠯ ᠪᠣᠯᠭᠠᠵᠤ᠂ ᠰᠤᠷᠲᠠᠯ ᠤᠨ ᠪᠠᠶᠢᠭᠤᠯᠤᠯᠲᠠ ᠶᠢᠨ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠴᠢᠩᠭᠠᠳᠬᠠᠬᠤ ᠲᠠᠢ ᠤᠶᠠᠯᠳᠤᠭᠤᠯᠤᠨ᠂ ᠦᠨᠳᠦᠰᠦ ᠰᠤᠷᠪᠤᠯᠵᠢ ᠶᠢ ᠨᠢ ᠭᠦᠨ ᠤᠬᠤᠴᠢᠯᠠᠵᠤ᠂ ᠨᠠᠮ ᠤᠨ ᠳᠦᠷᠢᠮ᠂ ᠳᠦᠷᠢᠮ ᠲᠠᠢ ᠬᠠᠷᠢᠴᠠᠭᠤᠯᠤᠨ ᠵᠥᠷᠢᠶ᠎ᠡ ᠪᠠᠨ ᠡᠷᠢᠵᠦ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠲᠣᠰ ᠪᠡᠶ᠎ᠡ ᠶᠢᠨ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠢᠯᠵᠠᠷᠠᠯ ᠢ ᠡᠰᠡᠷᠭᠦᠴᠡᠬᠦ ᠤᠬᠠᠮᠰᠠᠷ ᠢᠶᠠᠨ ᠪᠠᠲᠤ ᠪᠠᠬᠢ ᠪᠣᠯᠭᠠᠵᠤ᠂ ᠣᠷᠣᠰᠢᠵᠤ ᠮᠡᠳᠡᠬᠦ ᠠᠰᠠᠭᠤᠳᠠᠯ ᠢ ᠴᠠᠭ ᠲᠤᠬᠠᠢ ᠳᠤᠨᠢ ᠪᠣᠭᠤᠮᠢᠯᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠦᠨᠡᠨ ᠬᠦ ᠪᠡᠶᠡᠯᠡᠭᠦᠯᠵᠦ᠂ ᠰᠡᠷᠡᠮᠵᠢᠯᠡᠭᠦᠯᠬᠦ ᠬᠥᠮᠦᠵᠢᠯ ᠤᠨ ᠦᠢᠯᠡᠳᠦᠯ ᠴᠢᠳᠠᠪᠤᠷᠢ ᠶᠢ ᠪᠠᠳᠠᠷᠠᠭᠤᠯᠬᠤ ᠬᠡᠷᠡᠭᠲᠡᠢ᠃ᠨᠡᠩ ᠴᠢᠩᠭ᠎ᠠ ᠠᠷᠭ᠎ᠠ ᠬᠡᠮᠵᠢᠶ᠎ᠡ ᠪᠠ ᠬᠢᠲᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠬᠤ ᠰᠥᠰᠥ ᠵᠣᠷᠢᠭ ᠢᠶᠠᠷ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠵᠤ᠂ ᠤᠯᠤᠰ ᠲᠦᠷᠦ ᠶᠢᠨ ᠠᠮᠢ ᠠᠬᠤᠢ ᠶᠢ ᠪᠦᠬᠦ ᠲᠠᠯ᠎ᠠ ᠪᠠᠷ ᠴᠡᠪᠡᠷᠰᠢᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠠᠮᠢ ᠠᠬᠤᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠤᠭᠲᠤᠬᠤ ᠬᠡᠷᠡᠭᠲᠡᠢ᠃
 
ᠢᠷᠡᠯᠲᠡ᠄ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号