︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ︾ ᠤᠬᠠᠭᠤᠯᠭ᠎ᠠ ᠬᠢᠵᠦ᠂ ᠦᠨᠳᠦᠰᠦᠲᠡᠨ ᠤ ᠲᠥᠷᠥ  ᠶᠢᠨ ᠪᠣᠳᠣᠯᠭ᠎ᠠ  ᠶᠢ ᠠᠷᠠᠳ ᠤᠨ ᠰᠡᠳᠬᠢᠯ ᠳᠤ ᠬᠠᠳᠠᠩᠰᠢᠭᠤᠯᠤᠨ᠎ᠠ
ᠨᠡᠶᠢᠲᠡᠯᠡᠭᠰᠡᠨ ᠴᠠᠭ᠄
2022/6/16
        ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠭᠦᠨᠵᠡᠭᠡᠢ ᠤᠬᠠᠭᠤᠯᠤᠨ ᠲᠤᠤᠱᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠥᠯᠥᠭᠡ᠂ 5 ᠰᠠᠷ᠎ᠠ ᠶᠢᠨ 24 ᠤ ᠡᠳᠦᠷ᠂ ᠱᠢ ᠭᠤᠸᠠᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠨᠡᠶᠢᠭᠡᠮ ᠲᠣᠭᠤᠷᠢᠭ ᠲᠤ ᠣᠷᠣᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ᠬᠠᠮᠢᠶ᠎ᠠ ᠪᠦᠬᠦᠢ ᠬᠠᠤᠯᠢ ᠴᠠᠭᠠᠵᠠ ᠶᠢᠨ ᠤᠬᠠᠭᠤᠯᠭ᠎ᠠ ᠶᠢᠨ ᠳᠡᠪᠲᠡᠷ ᠢ ᠲᠠᠷᠬᠠᠭᠠᠬᠤ᠂ LED ᠳᠡᠯᠭᠡᠴᠡ ᠳᠡᠭᠡᠷ᠎ᠡ ᠤᠷᠢᠶ᠎ᠠ ᠯᠣᠽᠦ᠋ᠩ ᠲᠠᠯᠪᠢᠬᠤ ᠵᠡᠷᠭᠡ ᠬᠡᠯᠪᠡᠷᠢ ᠪᠠᠷ ᠳᠠᠮᠵᠢᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠶᠢᠨ ᠳᠦᠷᠢᠮ ᠢ ᠭᠤᠣᠯᠳᠠᠯᠭ᠎ᠠ ᠲᠠᠢ ᠤᠬᠠᠭᠤᠯᠵᠤ᠂ ᠨᠡᠶᠢᠭᠡᠮ ᠨᠡᠶᠢᠲᠡ ᠳᠤ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠡᠯ᠎ᠡ ᠵᠦᠢᠯ ᠤᠨ ᠦᠨᠳᠦᠰᠦᠲᠡᠨ ᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠳᠤ ᠰᠠᠶᠢᠨ ᠰᠠᠶᠢᠬᠠᠨ ᠦᠵᠡᠯ ᠰᠠᠨᠠᠭᠠᠨ ᠤ ᠰᠠᠭᠤᠷᠢ ᠶᠢ ᠲᠠᠯᠪᠢᠭᠰᠠᠨ ᠪᠠᠶᠢᠨ᠎ᠠ᠃       ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠤᠨ ᠤᠬᠠᠭᠤᠯᠭ᠎ᠠ ᠶᠢᠨ ᠪᠢᠴᠢᠯ ᠵᠢᠭᠰᠠᠭᠠᠯ ᠢ ᠪᠦᠷᠢᠯᠳᠦᠭᠦᠯᠵᠦ᠂ ᠰᠦᠯᠵᠢᠶᠡᠨ ᠤ ᠤᠬᠠᠭᠤᠯᠭ᠎ᠠ ᠶᠢᠨ ᠬᠡᠯᠪᠡᠷᠢ ᠪᠠ ᠠᠭᠤᠯᠭ᠎ᠠ ᠶᠢ ᠪᠠᠶᠠᠯᠢᠭᠵᠢᠭᠤᠯᠵᠤ᠂ ᠲᠠᠲᠠᠬᠤ ᠬᠦᠴᠦᠨ ᠢᠶᠠᠨ ᠨᠡᠮᠡᠭᠳᠡᠭᠦᠯᠦᠨ᠂ ᠨᠥᠯᠥᠭᠡᠯᠡᠬᠦ ᠬᠦᠴᠦᠨ ᠢᠶᠠᠨ ᠥᠷᠭᠡᠳᠬᠡᠵᠦ᠂ ᠣᠶᠢᠯᠠᠭᠠᠬᠤ ᠨᠣᠷᠮ᠎ᠠ ᠪᠠᠨ ᠳᠡᠭᠡᠭᠰᠢᠯᠡᠭᠦᠯᠵᠦ᠂ ︽ᠱᠢ ᠭᠤᠸᠠᠢ ᠡᠳ᠋ ᠤᠨ ᠵᠠᠰᠠᠭ︾ ᠤᠨ ᠸᠢᠴᠠᠲ ᠤᠨ ᠨᠡᠶᠢᠲᠡ ᠶᠢᠨ ᠳ᠋ᠤᠭᠠᠷ ᠤᠨ ᠰᠢᠨ᠎ᠡ ᠵᠠᠭᠤᠴᠢᠯᠠᠭᠤᠷ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠳᠤ ᠤᠬᠠᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ︽ᠲᠠᠪᠤᠨ ᠬᠠᠮᠲᠤ ᠶᠢᠨ ᠲᠠᠨᠢᠯᠲᠠ︾ ᠶᠢ ᠲᠠᠰᠤᠷᠠᠯᠲᠠ ᠦᠭᠡᠢ ᠨᠡᠮᠡᠭᠳᠡᠭᠦᠯᠦᠨ᠂ ᠢᠨᠲ᠋ᠧᠷ ᠰᠦᠯᠵᠢᠶ᠎ᠡ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠤᠨ ᠭᠤᠣᠯ ᠵᠢᠭᠰᠠᠭᠠᠯ ᠤᠨ ᠭᠠᠵᠠᠷ ᠪᠠ ᠬᠠᠮᠤᠭ ᠤᠨ ᠶᠡᠭᠡ ᠨᠡᠮᠡᠭᠳᠡᠯ ᠤᠨ ᠬᠡᠮᠵᠢᠶ᠎ᠡ ᠪᠣᠯᠭᠠᠨ᠎ᠠ᠃        ᠱᠢ ᠭᠤᠸᠠᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠠᠵᠢᠯ ᠢ ᠡᠳ᠋ ᠤᠨ ᠵᠠᠰᠠᠭ ᠤᠨ ᠬᠠᠮᠢᠶᠠᠷᠤᠯᠲᠠ᠂ ᠰᠤᠷᠭᠠᠨ ᠬᠥᠮᠦᠵᠢᠯ ᠤᠨ ᠤᠬᠠᠭᠤᠯᠭ᠎ᠠ᠂ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠤᠨ ᠭᠤᠭᠴᠤᠭ᠎ᠠ ᠳᠤ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠭᠵᠢᠯᠲᠡ ᠶᠢᠨ ᠭᠤᠣᠯ ᠬᠥᠭ ᠠᠶᠠᠰ ᠢ ᠬᠠᠩᠭᠢᠨᠠᠭᠤᠯᠤᠨ᠂ ᠡᠳ᠋ ᠤᠨ ᠵᠠᠰᠠᠭ ᠤᠨ ᠪᠠᠶᠢᠭᠤᠯᠤᠯᠲᠠ ᠳᠤ ᠢᠳᠡᠪᠬᠢᠲᠡᠢ ᠴᠢᠷᠮᠠᠶᠢᠯᠭ᠎ᠠ ᠭᠠᠷᠭᠠᠨ᠎ᠠ᠃
 
ᠢᠷᠡᠯᠲᠡ᠄ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号