ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠡᠪᠯᠡᠯ ᠤᠨ ᠡᠭᠦᠷ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠶᠡᠭᠡ ᠬᠤᠷᠠᠯ ᠢ ᠵᠣᠬᠢᠶᠠᠨ ᠪᠠᠶᠢᠭᠤᠯᠵᠤ ᠰᠤᠷᠤᠯᠴᠠᠪᠠ
ᠨᠡᠶᠢᠲᠡᠯᠡᠭᠰᠡᠨ ᠴᠠᠭ᠄
2022/6/16
         ᠬᠤᠷᠠᠯ ᠳᠡᠭᠡᠷ᠎ᠡ᠂ ᠤᠯᠠᠨ ᠢᠶᠠᠷ ᠢᠶᠠᠨ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠷᠦᠩᠬᠡᠢ ᠱᠦᠵᠢ ᠰᠢ ᠶᠢᠨ ᠫᠢᠩ  ᠤᠨ ᠶᠠᠷᠢᠶ᠎ᠠ ᠶᠢ ᠬᠠᠮᠲᠤ ᠪᠠᠷ ᠡᠷᠭᠢᠴᠡᠭᠦᠯᠪᠡ᠃ᠵᠠᠯᠠᠭᠤᠴᠤᠳ ᠤᠨ ᠡᠪᠯᠡᠯ ᠤᠨ ᠭᠡᠰᠢᠭᠦᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ᠂ ᠠᠵᠢᠯ ᠤᠨ ᠪᠠᠶᠢᠷᠢ ᠶᠢᠨ ᠪᠣᠳᠠᠲᠠᠢ ᠪᠠᠶᠢᠳᠠᠯ ᠳᠠᠭᠠᠨ ᠰᠠᠭᠤᠷᠢᠯᠠᠵᠤ᠂ ᠲᠥᠷᠥᠭᠳᠡᠯ ᠢᠶᠠᠨ ᠶᠠᠷᠢᠵᠤ᠂ ᠲᠥᠷᠥᠭᠳᠡᠯ ᠢᠶᠠᠨ ᠶᠠᠷᠢᠵᠤ᠂ ᠢᠷᠡᠭᠡᠳᠦᠢ ᠶᠢᠨ ᠲᠤᠬᠠᠢ ᠶᠠᠷᠢᠵᠤ᠂ ᠤᠨᠤᠯ ᠤᠨ ᠰᠤᠷᠤᠯᠴᠠᠯᠭ᠎ᠠ ᠪᠠᠨ ᠭᠦᠨᠵᠡᠭᠡᠶᠢᠷᠡᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠵᠠᠯᠠᠭᠤ ᠨᠠᠰᠤᠨ ᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠠᠭᠠᠷᠠᠭᠰᠠᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠨᠠᠮ ᠲᠠᠢ ᠪᠠᠨ ᠬᠠᠮᠲᠤ ᠤᠷᠤᠭᠰᠢᠯᠠᠵᠤ᠂ ᠡᠬᠡ ᠤᠯᠤᠰ ᠪᠠ ᠠᠷᠠᠳ ᠲᠦᠮᠡᠨ ᠲᠠᠢ ᠪᠠᠨ ᠬᠠᠮᠲᠤ ᠤᠷᠤᠭᠰᠢᠯᠠᠨ᠎ᠠ ᠭᠡᠵᠦ ᠢᠯᠡᠳᠬᠡᠵᠡᠭᠡᠪᠡ᠃         ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠣᠭᠴᠠᠯᠠᠨ ᠪᠠᠶᠢᠭᠤᠯᠵᠤ ᠤᠳᠤᠷᠢᠳᠤᠭᠰᠠᠨ ᠢᠷᠠᠭᠤ ᠠᠯᠳᠠᠷᠲᠤ ᠲᠡᠦᠬᠡ ᠪᠠ ᠬᠤᠪᠢᠰᠬᠠᠯᠲᠤ ᠤᠯᠠᠮᠵᠢᠯᠠᠯ ᠲᠠᠢ ᠲᠡᠷᠢᠭᠦᠨ ᠤ ᠵᠠᠯᠠᠭᠤᠴᠤᠳ ᠤᠨ ᠤᠯᠠᠨ ᠲᠦᠮᠡᠨᠴᠢ ᠵᠣᠬᠢᠶᠠᠨ ᠪᠠᠶᠢᠭᠤᠯᠤᠯᠲᠠ ᠮᠥᠨ᠂ ᠥᠷᠭᠡᠨ ᠤᠯᠠᠨ ᠵᠠᠯᠠᠭᠤᠴᠤᠳ ᠤᠨ ᠦᠢᠯᠡᠳᠦᠯᠭᠡ ᠶᠢᠨ ᠳᠤᠮᠳᠠ ᠡᠪ ᠬᠠᠮᠲᠤ ᠶᠣᠰᠣ ᠶᠢ ᠰᠤᠷᠤᠯᠴᠠᠬᠤ ᠰᠤᠷᠭᠠᠭᠤᠯᠢ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠪᠰᠤᠷᠤᠭᠴᠢ ᠪᠠ ᠪᠡᠯᠡᠳᠬᠡᠯ ᠴᠡᠷᠢᠭ ᠮᠥᠨ ᠭᠡᠳᠡᠭ ᠢ ᠰᠤᠷᠤᠯᠴᠠᠯᠭ᠎ᠠ ᠪᠠᠷ ᠳᠠᠮᠵᠢᠭᠠᠳ ᠪᠢᠳᠡ ᠣᠶᠢᠯᠠᠭᠠᠵᠤ ᠮᠡᠳᠡᠭᠰᠡᠨ ᠪᠠᠶᠢᠨ᠎ᠠ᠃100 ᠵᠢᠯ ᠤᠨ ᠲᠤᠷᠰᠢ᠂ ᠡᠪ ᠬᠠᠮᠲᠤ ᠵᠠᠯᠠᠭᠤᠴᠤᠳ ᠤᠨ ᠡᠪᠯᠡᠯ ᠨᠢ ᠡᠪ ᠬᠠᠮᠲᠤ ᠨᠠᠮ ᠪᠣᠯᠣᠨ ᠮᠠᠤ ᠽᠧ ᠳ᠋ᠦᠩ᠂ ᠳ᠋ᠧᠩ ᠰᠢᠶᠣᠣ ᠫᠢᠩ᠂ ᠵᠢᠶᠠᠩ ᠽᠧ ᠮᠢᠨ ᠤ ᠨᠠᠮ ᠤᠨ ᠭᠤᠷᠪᠠᠨ ᠦᠶ᠎ᠡ ᠶᠢᠨ ᠤᠳᠤᠷᠢᠳᠬᠤ ᠭᠤᠣᠯᠯᠠᠭᠴᠢ ᠵᠢᠴᠢ ᠮᠠᠰᠢ ᠣᠯᠠᠨ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠤᠨ ᠳᠣᠲᠣᠨᠣ ᠬᠠᠯᠠᠮᠵᠢᠯᠠᠯ ᠳᠣᠣᠷ᠎ᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠵᠠᠯᠠᠭᠤᠴᠤᠳ ᠢ ᠳᠠᠰᠤᠷᠠᠯᠳᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ ᠪᠦᠯᠬᠦᠮᠳᠡᠭᠦᠯᠦᠨ ᠳᠠᠭᠠᠭᠤᠯᠵᠤ᠂ ᠢᠮᠠᠭᠲᠠ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠶᠢᠨ ᠡᠮᠦᠨ᠎ᠡ ᠡᠩᠨᠡᠭᠡᠨ ᠳᠤ ᠵᠣᠭᠰᠣᠵᠤ᠂ ᠰᠢᠨ᠎ᠡ ᠳᠤᠮᠳᠠᠳᠤ ᠤᠯᠤᠰ ᠢ ᠪᠠᠶᠢᠭᠤᠯᠬᠤ᠂ ᠨᠡᠶᠢᠭᠡᠮ ᠵᠢᠷᠤᠮᠲᠤ ᠪᠠᠶᠢᠭᠤᠯᠤᠯ ᠢ ᠪᠠᠶᠢᠭᠤᠯᠤᠨ ᠪᠠᠬᠢᠵᠢᠭᠦᠯᠬᠦ᠂ ᠨᠡᠶᠢᠭᠡᠮ ᠵᠢᠷᠤᠮ ᠤᠨ ᠠᠵᠤ ᠠᠬᠤᠢ᠂ ᠤᠯᠤᠰ ᠲᠦᠷᠦ᠂ ᠰᠣᠶᠣᠯ ᠢ ᠬᠥᠭᠵᠢᠭᠦᠯᠬᠦ ᠶᠠᠪᠤᠴᠠ ᠳᠤ ᠰᠢᠨ᠎ᠡ ᠬᠦᠴᠦᠨ ᠪᠠ ᠭᠠᠪᠰᠢᠭᠠᠢ ᠠᠩᠭᠢ ᠶᠢᠨ ᠦᠢᠯᠡᠳᠦᠯ ᠢᠶᠠᠨ ᠪᠠᠳᠠᠷᠠᠭᠤᠯᠵᠤ᠂ ᠨᠠᠮ ᠳᠤ ᠦᠯᠡᠮᠵᠢ ᠤᠯᠠᠨ ᠰᠢᠨ᠎ᠡ ᠬᠦᠴᠦᠨ ᠪᠠ ᠠᠵᠢᠯ ᠤᠨ ᠭᠤᠣᠯᠯᠠᠭᠴᠢ ᠬᠦᠴᠦᠨ ᠢ ᠬᠥᠮᠥᠵᠢᠭᠦᠯᠦᠨ ᠬᠦᠷᠭᠡᠵᠦ ᠥᠭᠴᠡᠢ᠃ᠡᠪ ᠬᠠᠮᠲᠤ ᠵᠠᠯᠠᠭᠤᠴᠤᠳ ᠤᠨ ᠡᠪᠯᠡᠯ 1922 ᠣᠨ ᠳᠤ ᠪᠠᠶᠢᠭᠤᠯᠤᠭᠳᠠᠭᠰᠠᠨ ᠠᠴᠠ 2022 ᠣᠨ ᠪᠣᠯᠲᠠᠯ᠎ᠠ ᠨᠢᠭᠡᠨᠲᠡ ᠪᠦᠬᠦᠯᠢ 100 ᠵᠢᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠥᠩᠭᠡᠷᠡᠭᠡᠪᠡ᠃         ᠬᠤᠷᠠᠯ ᠤᠨ ᠳᠠᠷᠠᠭ᠎ᠠ ᠵᠠᠯᠠᠭᠤᠴᠤᠳ ᠤᠨ ᠡᠪᠯᠡᠯ ᠤᠨ ᠭᠡᠰᠢᠭᠦᠳ᠄ ᠰᠤᠷᠤᠯᠴᠠᠬᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠪᠠᠷ ᠠᠵᠠ ᠲᠣᠬᠢᠶᠠᠯ ᠪᠣᠯᠭᠠᠵᠤ᠂ ᠨᠠᠮ ᠤᠨ ᠤᠷᠢᠶᠠᠯᠠᠭ᠎ᠠ ᠶᠢ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠤᠯᠤᠰ ᠢᠶᠠᠨ ᠬᠦᠴᠦᠷᠬᠡᠭᠵᠢᠭᠦᠯᠬᠦ ᠠᠭᠤᠤ ᠦᠢᠯᠡᠰ ᠲᠤ ᠢᠳᠡᠪᠬᠢᠲᠡᠢ ᠣᠷᠣᠯᠴᠠᠵᠤ᠂ ᠠᠯᠤᠰ ᠬᠡᠳᠦ ᠶᠢᠨ ᠬᠦᠰᠡᠯᠡᠩ ᠲᠠᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠪᠣᠯᠬᠤ ᠳᠤ᠂ ᠠᠭᠤᠤ ᠶᠡᠭᠡ ᠡᠬᠡ ᠤᠯᠤᠰ ᠢᠶᠠᠨ ᠬᠠᠶᠢᠷᠠᠯᠠᠬᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠪᠣᠯᠵᠤ᠂ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠪᠣᠯᠵᠤ᠂ ᠰᠢᠷᠭᠠᠭᠤ ᠰᠡᠳᠬᠢᠵᠦ ᠴᠢᠳᠠᠮᠠᠭᠠᠢ ᠪᠠᠷ ᠰᠤᠷᠤᠯᠴᠠᠬᠤ᠂ ᠡᠷᠡᠮᠡᠬᠡᠶᠢᠯᠡᠨ ᠲᠡᠮᠡᠴᠡᠬᠦ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠪᠣᠯᠵᠤ᠂ ᠵᠠᠯᠠᠭᠤ ᠨᠠᠰᠤ ᠪᠠᠨ ᠨᠠᠮ ᠪᠣᠯᠣᠨ ᠠᠷᠠᠳ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠭᠤᠶᠢᠳᠠ ᠰᠠᠶᠢᠬᠠᠨ ᠴᠡᠴᠡᠭ ᠢᠶᠠᠨ ᠪᠠᠳᠠᠷᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠢ ᠡᠭᠦᠳᠦᠨ ᠨᠡᠭᠡᠭᠡᠬᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠳᠤ ᠪᠡᠯᠡᠭ ᠪᠣᠯᠭᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号