︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠭᠤᠷ ᠠᠮᠢᠰᠬᠤᠯ᠂ ᠽᠦᠩᠽᠢ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ︾ᠰᠢᠭᠤᠶᠢᠲᠤ  ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︽ᠮᠠᠨ ᠤ ᠪᠠᠶᠠᠷ ᠤᠨ ᠡᠳᠦᠷ︾ᠵᠢᠴᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/16
         6 ᠰᠠᠷ᠎ᠠ ᠶᠢᠨ 2 ᠤᠨ ᠡᠳᠦᠷ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠪᠣᠯᠬᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠦᠦ ᠯᠢᠶᠠᠨ ᠵᠢᠢ ᠮᠣᠣ ᠶᠣᠣ ᠽᠢ ᠲᠣᠰᠬᠤᠨ ᠤ ᠵᠣᠯ ᠵᠢᠷᠭᠠᠯ ᠤᠨ ᠶᠡᠭᠡ ᠬᠦᠷᠢᠶᠡᠨ ᠳᠤ ᠭᠦᠨᠵᠡᠭᠡᠶᠢᠷᠡᠨ ᠲᠣᠰᠬᠤᠨ ᠤ ᠠᠷᠠᠳ ᠲᠤ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠽᠦᠩᠽᠢ ᠽᠦᠩᠽᠢ ᠬᠥᠮᠥᠰ ᠤᠨ ᠰᠡᠳᠬᠢᠯ ᠢ ᠳᠤᠯᠠᠭᠠᠴᠠᠭᠤᠯᠬᠤ︾ ᠪᠠᠶᠠᠷ ᠤᠨ ᠡᠳᠦᠷ ᠤᠨ ᠠᠵᠢᠯᠯᠠᠭ᠎ᠠ ᠥᠷᠨᠢᠭᠦᠯᠪᠡ᠃        ︽ᠲᠠᠪᠤᠨ ᠥᠩᠭᠡ ᠶᠢᠨ ᠰᠢᠷᠬᠡᠭ ᠢᠶᠠᠷ ᠽᠦᠩᠽᠢ ᠣᠷᠢᠶᠠᠵᠤ᠂ ᠠᠷᠪᠠᠨ ᠭᠠᠵᠠᠷ ᠤᠨ ᠠᠢ ᠰᠢᠶᠠᠩ ᠴᠢᠩ ᠤᠨ ᠳ᠋ᠤᠸᠠᠨ ᠶᠠᠩ︾᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠵᠢᠯᠲᠠᠳ ᠨᠠᠰᠤᠲᠠᠶᠢᠴᠤᠳ ᠲᠤ ᠨᠠᠷᠢᠨ ᠨᠢᠮᠪᠠᠢ ᠪᠡᠯᠡᠳᠬᠡᠭᠰᠡᠨ ᠽᠦᠩᠽᠢ᠂ ᠬᠦᠢᠲᠡᠨ ᠪᠣᠣᠪᠤ ᠬᠦᠷᠭᠡᠬᠦ ᠶᠢᠨ ᠬᠠᠮᠲᠤ ᠪᠡᠶ᠎ᠡ ᠪᠠᠷ ᠢᠶᠠᠨ ᠨᠠᠰᠤᠲᠠᠶᠢᠴᠤᠳ ᠲᠤ ᠰᠠᠶᠢᠬᠠᠨ ᠲᠠᠪᠤᠨ ᠥᠩᠭᠡ ᠶᠢᠨ ᠳᠡᠭᠡᠰᠦ ᠵᠡᠭᠦᠯᠭᠡᠵᠦ᠂ ᠪᠤᠶᠠᠨ ᠬᠡᠰᠢᠭ ᠤᠨ ᠰᠠᠶᠢᠨ ᠰᠠᠶᠢᠬᠠᠨ ᠶᠣᠭᠲᠠ ᠰᠠᠨᠠᠭ᠎ᠠ ᠶᠢ ᠪᠡᠯᠭᠡᠳᠡᠵᠦ᠂ ᠤᠯᠠᠨ ᠢᠶᠠᠷ ᠢᠶᠠᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠬᠠᠮᠲᠤ ᠪᠠᠷ ᠤᠭᠲᠤᠬᠤ ᠶᠢ ᠢᠷᠦᠭᠡᠪᠡ᠃        ᠨᠠᠷᠢᠨ ᠬᠢᠴᠡᠲᠡᠢ ᠽᠦᠩᠽᠢ᠂ ᠠᠮᠲᠠᠲᠠᠢ ᠰᠡᠷᠢᠭᠦᠨ ᠪᠣᠭᠤᠷᠰᠤᠭ ᠴᠤ ᠲᠡᠷᠡ᠂ ᠭᠤᠶᠣ ᠰᠠᠶᠢᠬᠠᠨ ᠲᠠᠪᠤᠨ ᠥᠩᠭᠡᠲᠦ ᠤᠲᠠᠰᠤ ᠴᠤ ᠲᠡᠷᠡ᠂ ᠴᠥᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠪᠥᠬᠦ ᠠᠵᠢᠯᠲᠠᠨ ᠤ ᠨᠠᠰᠤᠲᠠᠶᠢᠴᠤᠳ ᠲᠤ ᠬᠠᠨᠳᠤᠭᠤᠯᠤᠭᠰᠠᠨ ᠰᠠᠶᠢᠨ ᠰᠠᠶᠢᠬᠠᠨ ᠬᠠᠶᠢᠷ᠎ᠠ ᠰᠡᠳᠬᠢᠯᠭᠡ ᠶᠢ ᠠᠭᠤᠯᠵᠤ ᠪᠠᠶᠢᠳᠠᠭ᠃ᠽᠦᠩᠽᠢ ᠬᠦᠷᠭᠡᠬᠦ ᠳᠡᠭᠡᠨ ᠲᠡᠳᠡ ᠨᠠᠰᠤᠲᠠᠶᠢᠴᠤᠳ ᠤᠨ ᠠᠮᠢᠳᠤᠷᠠᠯ ᠤᠨ ᠪᠠᠶᠢᠳᠠᠯ ᠪᠣᠯᠣᠨ ᠪᠡᠶ᠎ᠡ ᠮᠠᠬᠠᠪᠤᠳ ᠤᠨ ᠪᠠᠶᠢᠳᠠᠯ   ᠢ ᠨᠠᠷᠢᠨ ᠠᠰᠠᠭᠤᠨ ᠯᠠᠪᠯᠠᠵᠤ᠂ ᠨᠠᠰᠤᠲᠠᠶᠢᠴᠤᠳ ᠲᠤ ᠪᠠᠶᠠᠷ ᠤᠨ ᠡᠳᠦᠷ ᠤᠨ ᠰᠠᠶᠢᠨ ᠰᠠᠶᠢᠬᠠᠨ ᠢᠷᠦᠭᠡᠯ ᠵᠥᠩᠨᠡᠯ   ᠢ ᠤᠷᠢᠳᠴᠢᠯᠠᠨ ᠬᠦᠷᠭᠡᠭᠰᠡᠨ ᠪᠠᠶᠢᠨ᠎ᠠ᠃ᠽᠦᠩᠽᠢ ᠣᠯᠣᠭᠰᠠᠨ ᠨᠠᠰᠤᠲᠠᠶᠢᠴᠤᠳ ᠤᠨ ᠴᠢᠷᠠᠢ ᠳᠤ ᠪᠠᠶᠠᠷ ᠤᠨ ᠢᠨᠢᠶᠡᠮᠰᠦᠭᠯᠡᠯ ᠢᠯᠡᠷᠡᠪᠡ᠃

 
ᠢᠷᠡᠯᠲᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号