5 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠦ᠋ ᠳ᠋ᠠᠩ ᠵᠣᠣ | ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ︽ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ︾ ᠤᠨ ᠪᠣᠯᠪᠠᠰᠤᠷᠠᠭᠤᠯᠤᠯ ᠤᠨ ᠲᠠᠶᠢᠯᠤᠮᠵᠢ ᠵᠢᠴᠢ ᠦᠵᠡᠮᠵᠢ ᠶᠢᠨ ᠣᠷᠣᠨ ᠤ | ᠭᠡᠨᠡᠳᠲᠡ ᠶᠢᠨ ᠭᠢᠰᠬᠢᠯᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠡᠷᠡᠭᠲᠠᠢ ᠃ | | | | | | ᠲᠠᠶᠢᠯᠤᠮᠵᠢ ᠨᠢ ᠭᠤᠣᠯᠳᠠᠭᠤ ᠰᠢ ᠶᠢᠨ ᠫᠢᠩ ᠤ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ | ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠲᠣᠭᠤᠷᠢᠨ ᠳᠤ ᠪᠤᠢ︔ᠤᠯᠤᠰ ᠤᠨ ᠳᠣᠲᠣᠭᠠᠳᠤ ᠶᠢᠨ ᠠᠶᠤᠯᠭᠦᠢ | ᠦᠢᠯᠡᠳᠪᠦᠷᠢᠯᠡᠯ ᠤᠨ ᠠᠯᠢ ᠤᠯᠠᠨ ᠬᠦᠨᠳᠦ ᠶᠡᠭᠡ ᠡ᠊ᠨᠳᠡᠯ ᠦᠨᠺᠣᠮᠫᠠᠨᠢ ᠶᠢᠨ ᠡᠯ᠎ᠡ ᠰᠠᠯᠠᠭ᠎ᠠ ᠮᠥᠴᠢᠷ ᠤᠨ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠭᠤᠷᠪᠠᠨ ᠬᠡᠰᠡᠭ ᠤᠨ ᠠᠭᠤᠯᠭ᠎ᠠ ᠶᠢ ᠲᠠᠶᠢᠯᠪᠤᠷᠢᠯᠠᠨ᠎ᠠ᠃ | ᠺᠣᠮᠫᠠᠨᠢ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠠᠨ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ | ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠰᠢᠷᠢᠰ ᠴᠢᠬᠤᠯᠠ ᠥᠭᠦᠯᠡᠯᠲᠡ ᠪᠣᠯᠣᠨ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠶᠢᠷ᠎ᠠ ᠶᠢᠨ | ᠵᠢᠯ ᠠᠴᠠ ᠨᠠᠰᠢ ᠣᠷᠣᠨ ᠤ ᠳᠣᠲᠣᠷ᠎ᠠ ᠭᠠᠳᠠᠨ᠎ᠠ ᠡᠭᠦᠰᠦᠭᠰᠡᠨ ᠠᠶᠤᠯᠭᠦᠢ ᠦᠢᠯᠡᠳᠪᠦᠷᠢᠯᠡᠯ ᠤᠨ ᠬᠦᠨᠳᠦ ᠣᠨᠴᠠ | ᠶᠡᠭᠡ ᠠᠳᠡᠯ ᠠᠴᠠ ᠰᠤᠷᠭᠠᠮᠵᠢ ᠠᠪᠴᠤ᠂ ᠠᠶᠤᠯᠭᠦᠢ ᠬᠥᠭᠵᠢᠯᠲᠡ ᠶᠢᠨ ᠤᠬᠠᠮᠰᠠᠷ ᠢ ᠪᠠᠲᠤᠳᠬᠠᠵᠤ᠂ ᠺᠣᠮᠫᠠᠨᠢ ᠶᠢᠨ | ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠡᠮᠬᠢ ᠵᠢᠷᠤᠮ ᠲᠠᠢ ᠠᠬᠢᠭᠤᠯᠵᠤ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | | ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠺᠣᠮᠫᠠᠨᠢ ᠶᠢᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ | ᠭᠠᠵᠠᠷ ᠠᠴᠠ ᠠᠵᠢᠯᠲᠠᠳ ᠢ ᠵᠣᠬᠢᠶᠠᠨ ᠪᠠᠶᠢᠭᠤᠯᠤᠨ ᠭᠡᠨᠡᠳᠲᠡ ᠶᠢᠨ ᠭᠢᠰᠬᠢᠯᠡᠭᠰᠡᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠰᠣᠷᠢᠯᠲᠠ ᠬᠢᠵᠦ᠂ ᠦᠵᠡᠮᠵᠢ ᠶᠢᠨ ᠣᠷᠣᠨ ᠤ ᠵᠤᠭᠠᠴᠠᠭᠰᠠᠳ ᠤᠨ ᠤᠷᠬᠢᠯ ᠤᠨ | ᠤᠷᠤᠰᠬᠠᠯ ᠤᠨ ᠬᠡᠮᠵᠢᠶ᠎ᠡ ᠶᠢ ᠳᠠᠭᠤᠷᠢᠶᠠᠬᠤ ᠦᠶ᠎ᠡ ᠳᠤ᠂ ᠵᠤᠭᠠᠴᠠᠭᠰᠠᠳ ᠤᠨ ᠲᠥᠪ ᠲᠤ ᠣᠷᠣᠭᠰᠠᠨ ᠬᠡᠰᠡᠭ | ᠵᠤᠭᠠᠴᠠᠭᠴᠢ ᠦᠵᠡᠮᠵᠢ ᠶᠢᠨ ᠣᠷᠣᠨ ᠤ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠭᠠᠯ ᠢ ᠵᠢᠷᠤᠮᠯᠠᠭᠰᠠᠨ | ᠦᠭᠡᠢ ᠠᠴᠠ ᠪᠣᠯᠵᠤ᠂ ᠵᠠᠮ ᠳᠡᠭᠡᠷ᠎ᠡ ᠰᠢᠬᠠᠯᠳᠤᠵᠤ᠂ ᠬᠤᠶᠠᠷ ᠵᠤᠭᠠᠴᠠᠭᠴᠢ ᠬᠢᠴᠢᠶᠡᠮᠵᠢ ᠦᠭᠡᠢ ᠠᠴᠠ ᠪᠣᠯᠵᠤ | ᠲᠦᠯᠬᠢᠭᠳᠡᠨ ᠤᠨᠠᠵᠤ᠂ ᠭᠠᠵᠠᠷ ᠳᠡᠭᠡᠷ᠎ᠡ ᠣᠶᠢᠴᠢᠭᠠᠳ ᠴᠠᠭ ᠲᠤᠬᠠᠢ ᠳᠤᠨᠢ ᠪᠣᠰᠴᠤ ᠳᠡᠶᠢᠯᠦᠭᠰᠡᠨ ᠦᠭᠡᠢ ᠠᠴᠠ | ᠪᠣᠯᠵᠤ᠂ ᠪᠤᠰᠤᠳ ᠵᠤᠭᠠᠴᠠᠭᠰᠠᠳ ᠲᠤ ᠭᠢᠰᠬᠢᠭᠳᠡᠵᠦ᠂ ᠭᠠᠷ ᠪᠠ ᠬᠥᠯ ᠤᠨ ᠬᠡᠰᠡᠭ ᠢᠶᠠᠨ ᠭᠢᠰᠬᠢᠭᠳᠡᠵᠦ | ᠰᠢᠷᠬᠠᠲᠤᠭᠰᠠᠨ ᠪᠠᠶᠢᠳᠠᠯ ᠢ ᠪᠣᠶ ᠪᠣᠯᠭᠠᠵᠠᠢ᠃ᠶᠡᠷᠦᠩᠬᠡᠢ ᠵᠢᠯᠣᠭᠤᠳᠤᠭᠴᠢ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠠᠯᠪᠠᠨ ᠭᠡᠷ᠂ ᠠᠶᠤᠯ ᠠᠴᠠ ᠠᠪᠤᠷᠠᠨ ᠲᠤᠰᠠᠯᠠᠬᠤ ᠳᠤᠭᠤᠶᠢᠯᠠᠩ᠂ ᠡᠮᠴᠢᠯᠡᠭᠡ ᠪᠠᠷ ᠠᠪᠤᠷᠠᠨ | ᠲᠤᠰᠠᠯᠠᠬᠤ ᠳᠤᠭᠤᠶᠢᠯᠠᠩ᠂ ᠠᠷᠤ ᠲᠠᠯ᠎ᠠ ᠶᠢᠨ ᠦᠢᠯᠡᠴᠢᠯᠡᠭᠡᠨ ᠤ ᠴᠢᠮᠡᠭᠡ ᠨᠡᠪᠲᠡᠷᠡᠯᠭᠡ ᠶᠢᠨ ᠳᠤᠭᠤᠶᠢᠯᠠᠩ᠂ | ᠬᠤᠶᠢᠲᠤᠬᠢ ᠶᠠᠪᠤᠳᠠᠯ ᠢ ᠰᠢᠢᠳᠪᠦᠷᠢᠯᠡᠬᠦ ᠳᠤᠭᠤᠶᠢᠯᠠᠩ ᠬᠠᠷᠢᠯᠴᠠᠨ ᠬᠠᠮᠵᠢᠯᠴᠠᠵᠤ᠂ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ | ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠦ᠋ ᠳ᠋ᠠᠩ ᠵᠤᠤ ᠵᠤᠭᠠᠴᠠᠯ ᠤᠨ ᠨᠡᠭᠡᠭᠡᠨ | ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠷᠭᠦᠯᠵᠢᠯᠡᠨ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠡᠷᠡᠰ ᠰᠠᠶᠢᠲᠤᠷ | ᠬᠢᠬᠦ ᠪᠣᠯᠣᠨ᠎ᠠ᠃ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠵᠢᠭᠤᠯᠴᠢᠯᠠᠭᠴᠢᠳ ᠲᠤ ᠬᠠᠷᠢᠭᠤᠴᠠᠬᠤ ᠵᠣᠷᠢᠭ ᠰᠠᠨᠠᠭ᠎ᠠ ᠪᠠᠷ᠂ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ︽ᠥᠴᠥᠬᠡᠨ ᠴᠦ ᠠᠯᠳᠠᠬᠤ ᠦᠭᠡᠢ᠂ ᠥᠴᠥᠬᠡᠨ ᠴᠦ | ᠠᠯᠳᠠᠬᠤ ᠦᠭᠡᠢ︾ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠳᠬᠠᠵᠤ᠂ ᠤᠬᠠᠮᠰᠠᠷ ᠠᠴᠠ ᠪᠠᠨ ︽ᠡᠭᠦᠳᠡ | ᠰᠠᠬᠢᠭᠴᠢ︾ ᠪᠣᠯᠵᠤ᠂ ︽ᠰᠡᠷᠭᠡᠶᠢᠯᠡᠯᠲᠡ ᠶᠢᠨ ᠱᠤᠭᠤᠮ︾ ᠢ ᠪᠠᠲᠤ ᠰᠠᠬᠢᠵᠤ᠂ ᠠᠮᠤᠷ ᠲᠦᠪᠰᠢᠨ ᠤ ᠠᠳᠡᠯ | ᠭᠠᠷᠬᠤ ᠶᠢ ᠡᠷᠡᠰ ᠬᠤᠷᠢᠭᠯᠠᠵᠤ᠂ ᠣᠷᠣᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ | ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃ | | | |