ᠨᠠᠰᠤᠵᠢᠯ ᠤᠨ ᠠᠰᠠᠷᠠᠮᠵᠢ ᠶᠢᠨ ᠪᠡᠯᠡ ᠣᠷᠣᠭᠤᠯᠤᠯᠲᠠ ᠳᠤ ᠪᠣᠯᠭᠤᠮᠵᠢᠲᠠᠢ ᠪᠠᠶᠢᠬᠤ ᠬᠡᠷᠡᠭᠲᠡᠢ᠂ ︽ᠶᠡᠭᠡ ᠬᠡᠮᠵᠢᠶᠡᠨ ᠤ ᠬᠠᠷᠢᠭᠤ ᠬᠠᠷᠠᠮᠵᠢ︾ ᠣᠯᠬᠤ ᠳᠠᠭᠠᠨ ᠬᠡᠴᠢᠶᠡᠨ᠎ᠡ
ᠨᠡᠶᠢᠲᠡᠯᠡᠭᠰᠡᠨ ᠴᠠᠭ᠄
2022/6/16
         ᠪᠦᠬᠦ ᠤᠯᠤᠰ ᠤᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠰᠤᠵᠢᠯ ᠤᠨ ᠮᠡᠬᠡᠯᠡᠯ ᠢ ᠪᠦᠲᠦᠮᠵᠢᠲᠡᠢ ᠰᠡᠷᠭᠡᠶᠢᠯᠡᠵᠦ᠂ ᠠᠷᠠᠳ ᠤᠯᠠᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠠᠷᠠᠳ ᠤᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠶᠤᠮ᠃ᠣᠶᠢᠷ᠎ᠠ ᠳᠤ᠂ ᠪᠤᠭᠤᠲᠤ ᠬᠤᠲᠠ ᠶᠢᠨ ᠱᠢ ᠭᠤᠸᠠᠢ ᠭᠤᠸᠠᠩ ᠶᠤᠸᠠᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ︽ᠨᠠᠰᠤᠵᠢᠯ ᠤᠨ ᠠᠰᠠᠷᠠᠮᠵᠢ ᠶᠢᠨ ᠪᠡᠯᠡ ᠣᠷᠣᠭᠤᠯᠤᠯᠲᠠ ᠳᠤ ᠪᠣᠯᠭᠤᠮᠵᠢᠲᠠᠢ ᠪᠠᠶᠢᠬᠤ ᠬᠡᠷᠡᠭᠲᠡᠢ᠂ ᠶᠡᠭᠡ ᠬᠡᠮᠵᠢᠶᠡᠨ ᠤ ᠠᠴᠢ ᠬᠠᠷᠢᠭᠤᠯᠲᠠ ᠳᠤ ᠪᠣᠯᠭᠤᠮᠵᠢᠲᠠᠢ ᠪᠠᠶᠢᠬᠤ ᠬᠡᠷᠡᠭᠲᠡᠢ︾ ᠭᠡᠳᠡᠭ ᠢᠶᠠᠷ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃         ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠬᠡᠯᠪᠡᠷᠢ ᠪᠠᠷ ᠳᠠᠮᠵᠢᠭᠤᠯᠤᠨ ᠤᠬᠠᠭᠤᠯᠭ᠎ᠠ ᠥᠷᠨᠢᠭᠦᠯᠵᠦ᠂ ᠨᠠᠰᠤᠲᠠᠶᠢᠴᠤᠳ ᠲᠤ ᠨᠠᠰᠤᠵᠢᠯ ᠤᠨ ᠮᠡᠬᠡᠯᠡᠯ ᠤᠨ ᠠᠷᠭ᠎ᠠ ᠬᠡᠯᠪᠡᠷᠢ ᠵᠢᠴᠢ ᠣᠨᠴᠠᠯᠢᠭ ᠢ ᠨᠢᠭᠤᠷᠲᠠᠨ ᠬᠠᠯᠠᠰᠢᠷᠠᠯ ᠦᠭᠡᠢ ᠤᠬᠠᠭᠤᠯᠪᠠ᠃ᠡᠭᠦᠨ ᠤ ᠵᠡᠷᠭᠡ ᠳᠤ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠲᠡᠳᠡᠨ ᠳᠤ ᠳᠡᠷᠭᠡᠳᠡᠬᠢ ᠦᠨᠡᠨ ᠪᠣᠳᠠᠲᠠᠢ ᠮᠡᠬᠡᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ   ᠶᠢ ᠲᠠᠶᠢᠯᠪᠤᠷᠢᠯᠠᠵᠤ ᠥᠭᠬᠦ ᠬᠡᠷᠡᠭᠲᠡᠢ᠃ᠮᠡᠬᠡᠯᠡᠭᠴᠢ ᠶᠡᠷᠦᠨᠢ ᠲᠠᠬᠢᠶᠠᠨ ᠥᠨᠳᠡᠭᠡ᠂ ᠵᠢᠮᠢᠰ᠂ ᠭᠡᠷ ᠤᠨ ᠵᠢᠵᠢᠭ ᠴᠠᠬᠢᠯᠭᠠᠨ ᠬᠡᠷᠡᠭᠰᠡᠯ᠂ ᠤᠬᠢᠶᠠᠯᠭ᠎ᠠ ᠶᠢᠨ ᠬᠡᠷᠡᠭᠰᠡᠯ ᠢ ᠦᠨ᠎ᠡ ᠲᠥᠯᠥᠪᠦᠷᠢ ᠦᠭᠡᠢ ᠪᠠᠷ ᠬᠦᠷᠭᠡᠬᠦ ᠨᠡᠷ᠎ᠡ ᠪᠠᠷ ᠲᠤᠰᠬᠠᠶᠢᠯᠠᠨ ᠲᠠᠯᠠᠪᠤᠷ ᠲᠦᠷᠢᠶᠡᠰᠦᠯᠡᠨ ᠬᠡᠷᠡᠭᠯᠡᠵᠦ ᠨᠠᠰᠤᠲᠠᠶᠢᠴᠤᠳ ᠲᠤ ᠡᠷᠡᠭᠦᠯ ᠮᠡᠨᠳᠦ ᠶᠢ ᠬᠠᠮᠠᠭᠠᠯᠠᠬᠤ ᠬᠠᠭᠤᠷᠮᠠᠭ ᠦᠢᠯᠡᠳᠬᠦᠨ ᠪᠠ ᠡᠮᠴᠢᠯᠡᠭᠡᠨ ᠤ ᠦᠢᠯᠡᠳᠬᠦᠨ ᠢ ᠤᠬᠠᠭᠤᠯᠵᠤ᠂ ᠠᠴᠢ ᠲᠤᠰᠠ ᠶᠢ ᠨᠢ ᠶᠡᠬᠡᠰᠬᠡᠵᠦ ᠪᠠᠶᠢᠭᠠᠳ ᠨᠠᠰᠤᠲᠠᠶᠢᠴᠤᠳ ᠢ ᠲᠠᠲᠠᠵᠤ ᠪᠠᠶᠢᠭᠠᠳ ᠣᠯᠣᠭᠰᠠᠨ ᠡᠳ᠋ ᠪᠣᠳᠠᠰ ᠤᠨ ᠦᠨ᠎ᠡ ᠦᠷᠲᠡᠭ ᠠᠴᠠ ᠨᠢ ᠬᠤᠯᠠ ᠳᠠᠪᠠᠭᠰᠠᠨ ᠵᠣᠭᠤᠰ ᠮᠥᠩᠭᠦ ᠭᠠᠷᠭᠠᠯᠭᠠᠬᠤ ᠶᠢᠨ ᠤᠯᠠᠮ ᠠᠴᠠ ᠮᠡᠬᠡᠯᠡᠯ ᠶᠠᠪᠤᠭᠤᠯᠳᠠᠭ᠃ᠨᠠᠰᠤᠲᠠᠶᠢᠴᠤᠳ ᠲᠤ ︽ᠨᠠᠰᠤᠵᠢᠯ ᠤᠨ ᠮᠡᠬᠡᠯᠡᠯ ᠤᠨ ᠠᠵᠢᠯᠯᠠᠭ᠎ᠠ︾ ᠶᠢᠨ ᠢᠯᠡᠴᠢᠯᠡᠨ ᠮᠡᠳᠡᠭᠦᠯᠬᠦ ᠵᠠᠮ ᠢ ᠮᠡᠳᠡᠭᠳᠡᠵᠦ᠂ ᠨᠠᠰᠤᠵᠢᠯ ᠤᠨ ᠮᠡᠬᠡᠯᠡᠯ ᠤᠨ ᠮᠡᠬᠡᠨ ᠳᠤ ᠣᠷᠣᠭᠰᠠᠨ ᠢ ᠣᠯᠵᠤ ᠮᠡᠳᠡᠪᠡᠯ᠂ ᠴᠠᠭ ᠲᠤᠬᠠᠢ ᠳᠤᠨᠢ ᠭᠡᠷ ᠤᠨ ᠬᠥᠮᠥᠰ ᠲᠠᠢ ᠪᠠᠨ ᠬᠠᠷᠢᠯᠴᠠᠵᠤ ᠲᠡᠷᠡ ᠳᠠᠷᠤᠢ ᠳᠤᠨᠢ ᠴᠠᠭᠳᠠᠭ᠎ᠠ ᠳᠤ ᠮᠡᠳᠡᠭᠦᠯᠦᠨ᠎ᠡ᠃

        ︽ᠲᠡᠭᠷᠢ ᠠᠴᠠ ᠱᠠᠯᠪᠢᠩ ᠤᠨᠠᠵᠤ ᠢᠷᠡᠬᠦ ᠦᠭᠡᠢ᠂ ᠶᠡᠭᠡ ᠬᠡᠮᠵᠢᠶᠡᠨ ᠤ ᠠᠴᠢ ᠬᠠᠷᠢᠭᠤᠯᠲᠠ ᠶᠢ ᠣᠯᠬᠤ

ᠦᠭᠡᠢ᠂ ᠯᠠᠪᠳᠠᠭᠤᠨ ᠢᠶᠠᠷ ᠬᠤᠨᠵᠢᠵᠤ ᠠᠯᠳᠠᠬᠤ ᠦᠭᠡᠢ ᠭᠡᠬᠦ ᠤᠷᠢᠶ᠎ᠠ ᠪᠣᠯ ᠶᠡᠷᠦᠨᠢ ᠮᠡᠬᠡᠯᠡᠭᠴᠢ ᠶᠢᠨ ᠬᠠᠯᠬᠠᠪᠴᠢ

ᠪᠤᠯᠳᠠᠭ᠂ ᠲᠠᠨᠠᠷ ᠶᠠᠭᠠᠬᠢᠭᠰᠠᠨ ᠴᠤ ᠨᠢᠭᠡ ᠴᠠᠭ ᠤᠨ ᠪᠣᠯᠭᠤᠮᠵᠢ ᠦᠭᠡᠢ ᠠᠴᠠ ᠪᠣᠯᠵᠤ ᠮᠡᠬᠡᠯᠡᠭᠳᠡᠵᠦ ᠪᠣᠯᠬᠤ ᠦᠭᠡᠢ︾

ᠭᠡᠵᠦ ᠵᠢᠭᠠᠵᠤ ᠭᠠᠷᠭᠠᠪᠠ᠃ {ᠹᠷᠠᠨᠼᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶ᠎ᠠ ᠶᠢᠨ ᠨᠠᠮ ᠤᠨ ᠬᠤᠷᠢᠶ᠎ᠠ ᠶᠢᠨ ᠱᠦᠵᠢ ᠰᠢ ᠶᠢᠨ ᠫᠢᠩ︶᠃ᠤᠬᠠᠭᠤᠯᠭ᠎ᠠ ᠶᠢᠨ ᠠᠵᠢᠯᠯᠠᠭ᠎ᠠ ᠳᠤᠮᠳᠠ᠂

ᠺᠣᠮᠫᠠᠨᠢ ᠶᠢᠨ ᠠᠵᠢᠯᠲᠠᠨ ᠠᠵᠢᠯᠴᠢᠨ ᠭᠤᠣᠯᠳᠠᠭᠤ ᠨᠡᠶᠢᠭᠡᠮ ᠲᠣᠭᠤᠷᠢᠭ ᠤᠨ ᠥᠷᠭᠡᠨ ᠣᠯᠠᠨ ᠢᠳᠡᠷ ᠥᠲᠡᠯᠦᠭᠡ

ᠨᠠᠰᠤᠨ ᠤ ᠬᠥᠮᠥᠰ ᠲᠤ ᠬᠠᠨᠳᠤᠭᠤᠯᠵᠤ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠴᠠᠬᠢᠯᠭᠠᠨ

ᠬᠤᠯᠪᠣᠭ᠎ᠠ ᠪᠠᠷ ᠮᠡᠬᠡᠯᠡᠬᠦ ᠠᠵᠢᠯᠯᠠᠭ᠎ᠠ ᠶᠢᠨ ᠢᠯᠡᠷᠡᠬᠦ ᠬᠡᠯᠪᠡᠷᠢ᠂ ᠬᠥᠨᠥᠭᠡᠯ ᠤᠨ ᠬᠡᠮᠵᠢᠶ᠎ᠡ ᠵᠢᠴᠢ ᠰᠡᠷᠭᠡᠶᠢᠯᠡᠨ ᠡᠵᠡᠮᠳᠡᠬᠦ

ᠠᠷᠭ᠎ᠠ ᠪᠠᠷᠢᠯ ᠠᠴᠠ ᠮᠥᠩᠭᠦᠨ ᠭᠦᠢᠯᠭᠡᠭᠡᠨ ᠤ ᠮᠡᠳᠡᠯᠭᠡ ᠶᠢᠨ ᠤᠬᠠᠭᠤᠯᠭ᠎ᠠ ᠬᠥᠮᠦᠵᠢᠯ ᠥᠷᠨᠢᠭᠦᠯᠵᠦ᠂ ᠢᠳᠡᠷ

ᠥᠲᠡᠯᠦᠭᠡ ᠨᠠᠰᠤᠨ ᠤ ᠬᠡᠷᠡᠭᠯᠡᠭᠴᠢᠳ ᠲᠤ ︽ᠠᠮᠠᠷᠬᠠᠨ ᠢᠲᠡᠭᠡᠬᠦ ᠦᠭᠡᠢ᠂ ᠵᠠᠳᠠᠷᠠᠭᠤᠯᠬᠤ ᠦᠭᠡᠢ᠂ ᠲᠠᠩᠰᠠ

ᠰᠢᠯᠵᠢᠭᠦᠯᠬᠦ ᠦᠭᠡᠢ︾ ᠪᠠᠶᠢᠬᠤ ᠶᠢ ᠰᠠᠨᠠᠭᠤᠯᠬᠤ ᠶᠢᠨ ᠬᠠᠮᠲᠤ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ

APP︾ ᠶᠢ ᠣᠯᠠᠨ ᠳᠤ ᠤᠬᠠᠭᠤᠯᠵᠤ᠂ ᠭᠠᠷ ᠤᠲᠠᠰᠤᠨ ᠤ ᠠᠵᠢᠯᠯᠠᠭ᠎ᠠ ᠳᠤ ᠪᠣᠯᠪᠠᠰᠤᠷᠠᠩᠭᠤᠢ ᠪᠤᠰᠤ ᠢᠳᠡᠷ

ᠥᠲᠡᠯᠦᠭᠡ ᠨᠠᠰᠤᠨ ᠤ ᠬᠥᠮᠥᠰ ᠲᠤ ᠭᠠᠷ ᠤᠲᠠᠰᠤᠨ ᠤ ᠳᠠᠩᠰᠠᠯᠠᠯᠲᠠ ᠶᠢᠨ ᠵᠥᠭᠡᠯᠡᠨ ᠲᠣᠨᠤᠭ ᠤᠭᠰᠠᠷᠠᠭᠤᠯᠤᠨ

ᠥᠭᠴᠦ᠂ ᠣᠯᠠᠨ ᠲᠦᠮᠡᠨ ᠤ ᠣᠷᠤᠯᠴᠠᠬᠤ ᠲᠥᠷᠥᠭᠳᠡᠯ ᠢ ᠨᠡᠮᠡᠭᠳᠡᠭᠦᠯᠦᠨ᠂ ᠲᠤᠬᠠᠢ ᠶᠢᠨ ᠲᠠᠯᠠᠪᠤᠷ ᠲᠤ ᠴᠢᠩᠭ᠎ᠠ

ᠲᠤᠰᠬᠠᠯ ᠭᠠᠷᠭᠠᠪᠠ᠃

        ᠲᠠᠷᠠᠭᠠᠴᠢ ᠶᠢᠨ ᠠᠯᠬᠤᠮ ᠳᠤ᠂ ᠭᠤᠸᠠᠩ ᠶᠤᠸᠠᠨ ᠺᠣᠮᠫᠠᠨᠢ ᠨᠠᠰᠤᠵᠢᠯ ᠤᠨ ᠮᠡᠬᠡᠯᠡᠯ ᠳᠤ ᠴᠣᠬᠢᠯᠲᠠ

ᠥᠭᠴᠦ ᠴᠡᠭᠴᠡᠯᠡᠨ ᠵᠠᠰᠠᠬᠤ ᠶᠢ ᠨᠢᠭᠡ ᠵᠦᠢᠯ ᠤᠨ ᠪᠠᠶᠢᠩᠭᠤ ᠶᠢᠨ ᠠᠵᠢᠯ ᠪᠣᠯᠭᠠᠵᠤ᠂ ᠨᠠᠰᠤᠲᠠᠶᠢᠴᠤᠳ ᠤᠨ ᠬᠠᠤᠯᠢ

ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠨ᠂ ᠥᠷᠭᠡᠨ ᠣᠯᠠᠨ ᠨᠠᠰᠤᠲᠠᠶᠢᠴᠤᠳ ᠤᠨ ᠵᠣᠯ

ᠵᠢᠷᠭᠠᠯ ᠲᠠᠢ ᠥᠲᠡᠯᠦᠭᠡ ᠨᠠᠰᠤ ᠪᠠᠨ ᠡᠳ᠋ᠯᠡᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠣᠶ

ᠪᠣᠯᠭᠠᠵᠤ ᠥᠭᠭᠦᠨ᠎ᠡ᠃

 
ᠢᠷᠡᠯᠲᠡ᠄ ᠤᠯᠤᠰ  ᠤᠨ ᠪᠡᠯᠡ ᠬᠦ᠋ᠷᠦᠩᠬ᠋ᠡ ᠶᠢ ᠬᠢᠨᠠᠨ ᠬᠠᠮᠢᠶᠠᠷᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号