ᠪᠤᠭᠤᠲᠤ ᠬᠤᠲᠠ ᠶᠢᠨ ᠯᠢᠦᠢ ᠶᠤᠸᠠᠨ ᠵᠢᠶᠧ ᠣᠷᠴᠢᠨ ᠲᠣᠭᠤᠷᠢᠨ ᠤ ᠬᠠᠮᠠᠭᠠᠯᠠᠯᠲᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠣᠷᠴᠢᠯ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/16
        ᠨᠡᠶᠢᠭᠡᠮ ᠳᠤ ᠨᠠᠩ ᠰᠠᠶᠢᠨ ᠦᠢᠯᠡᠴᠢᠯᠡᠵᠦ᠂ ᠨᠡᠶᠢᠭᠡᠮ ᠤᠨ ᠣᠯᠠᠨ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠳᠦᠷᠢᠮ ᠤᠨ ᠦᠵᠡᠯᠲᠡ ᠶᠢ ᠨᠢ ᠴᠢᠩᠭᠠᠷᠠᠭᠤᠯᠵᠤ᠂ ᠣᠯᠠᠨ ᠨᠡᠶᠢᠲᠡ ᠶᠢᠨ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠲᠦᠭᠰᠢᠭᠦᠷᠢ ᠶᠢᠨ ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠯᠢᠦᠢ ᠶᠤᠸᠠᠨ ᠵᠢᠶᠧ ᠺᠣᠮᠫᠠᠨᠢ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃       ᠨᠢᠭᠡ ᠳᠤ ᠣᠯᠠᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠨᠡᠶᠢᠭᠡᠮ ᠨᠡᠶᠢᠲᠡ ᠳᠤ ᠨᠠᠰᠤᠵᠢᠯ ᠤᠨ ᠮᠡᠬᠡᠯᠡᠯ ᠤᠨ ᠲᠣᠮᠢᠶᠠᠯᠠᠯ᠂ ᠬᠤᠣᠷ ᠬᠥᠨᠥᠭᠡᠯ ᠵᠢᠴᠢ ᠬᠠᠤᠯᠢ ᠪᠤᠰᠤ ᠡᠲᠡᠭᠡᠳ ᠤᠨ ᠡᠯ᠎ᠡ ᠵᠦᠢᠯ ᠤᠨ ᠠᠷᠭ᠎ᠠ ᠪᠠᠷᠢᠯ ᠢ ᠤᠬᠠᠭᠤᠯᠤᠨ ᠲᠠᠶᠢᠯᠪᠤᠷᠢᠯᠠᠨ᠎ᠠ︔ᠬᠤᠶᠠᠷ ᠲᠤ ᠪᠠᠶᠢᠭᠤᠯᠤᠯᠭ᠎ᠠ ᠠᠴᠠ ᠪᠠᠨ ᠭᠠᠷᠴᠤ᠂ ᠠᠳᠠᠯ ᠠᠬᠤᠢ ᠶᠢᠨ ᠦᠢᠯᠡᠴᠢᠯᠡᠭᠡ ᠶᠢ ᠭᠥᠯᠢᠶᠡᠨ ᠠᠪᠤᠭᠰᠠᠨ ᠵᠢᠵᠢᠭ ᠲᠣᠭᠤᠷᠢᠭ ᠲᠤ ᠤᠬᠠᠭᠤᠯᠭ᠎ᠠ ᠶᠢᠨ ᠪᠢᠴᠢᠭᠡᠰᠦ ᠨᠠᠭᠠᠵᠤ᠂ ᠵᠢᠵᠢᠭ ᠲᠣᠭᠤᠷᠢᠭ ᠤᠨ ᠨᠠᠰᠤᠲᠠᠶᠢᠴᠤᠳ ᠲᠤ ᠭᠤᠣᠯᠳᠠᠯᠭ᠎ᠠ ᠲᠠᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠠᠰᠤᠲᠠᠶᠢᠴᠤᠳ ᠲᠤ ᠨᠠᠰᠤᠵᠢᠯ ᠤᠨ ᠮᠡᠬᠡᠯᠡᠯ ᠤᠨ ᠡᠯ᠎ᠡ ᠵᠦᠢᠯ ᠤᠨ ᠠᠷᠭ᠎ᠠ ᠮᠠᠶ᠋ᠢᠭ ᠢ ᠤᠬᠠᠭᠤᠯᠤᠨ ᠲᠦᠭᠡᠮᠡᠯᠵᠢᠭᠦᠯᠬᠦ ᠵᠢᠴᠢ ᠨᠠᠰᠤᠵᠢᠯ ᠤᠨ ᠮᠡᠬᠡᠯᠡᠯ ᠢ ᠬᠡᠷᠬᠢᠨ ᠰᠡᠷᠭᠡᠶᠢᠯᠡᠬᠦ ᠪᠣᠶ᠃ᠤᠬᠠᠭᠤᠯᠭ᠎ᠠ ᠪᠠᠷ ᠳᠠᠮᠵᠢᠭᠤᠯᠤᠨ᠂ ᠠᠷᠠᠳ ᠣᠯᠠᠨ ᠤ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠤᠬᠠᠮᠰᠠᠷ ᠢ ᠦᠨᠡᠨ ᠬᠦ ᠨᠡᠮᠡᠭᠳᠡᠭᠦᠯᠵᠦ᠂ ᠣᠯᠠᠨ ᠨᠡᠶᠢᠲᠡ ᠶᠢᠨ ᠵᠥᠪ ᠣᠨᠣᠪᠴᠢᠲᠠᠶ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠪᠣᠶ ᠪᠣᠯᠭᠠᠵᠤ᠂ ᠠᠷᠠᠳ ᠣᠯᠠᠨ ᠤ ︽ᠨᠠᠰᠤᠵᠢᠯ ᠤᠨ ᠮᠡᠬᠡᠯᠡᠯ ᠤᠨ ᠬᠤᠬᠢᠷᠠᠯ ᠢ ᠵᠠᠰᠠᠭ ᠤᠨ ᠣᠷᠳᠣᠨ ᠠᠴᠠ ᠲᠣᠭᠠᠴᠠᠭ᠎ᠠ ᠬᠢᠬᠦ︾ ᠪᠤᠷᠤᠭᠤ ᠣᠶᠢᠯᠠᠭᠠᠯᠲᠠ ᠪᠠ ᠵᠣᠬᠢᠰ ᠦᠭᠡᠢ ᠬᠦᠰᠡᠯ ᠡᠷᠡᠮᠡᠯᠵᠡᠯ ᠢ ᠠᠷᠢᠯᠭᠠᠵᠤ᠂ ᠨᠠᠰᠤᠵᠢᠯ ᠤᠨ ᠮᠡᠬᠡᠯᠡᠯ ᠢ ᠢᠳᠡᠪᠬᠢᠲᠡᠢ ᠪᠠᠷ ᠡᠰᠡᠷᠭᠦᠴᠡᠨ ᠬᠤᠷᠢᠭᠯᠠᠬᠤ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃

 
ᠢᠷᠡᠯᠲᠡ᠄ ᠡᠷᠡᠭᠦᠯ ᠬᠠᠮᠠᠭᠠᠯᠠᠯ ᠤᠨ ᠣᠷᠴᠢᠯ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号