ᠠᠶᠤᠯᠭᠦᠢ ᠦᠢᠯᠡᠳᠪᠦᠷᠢᠯᠡᠯ ᠨᠢ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠠᠴᠠ ᠡᠮᠦᠨ᠎ᠡ ᠰᠡᠷᠭᠡᠶᠢᠯᠡᠯᠲᠡ ᠶᠢᠨ ᠱᠤᠭᠤᠮ ᠪᠠᠶᠢᠭᠤᠯᠬᠤ ᠠᠴᠠ ᠶᠡᠭᠡ
ᠨᠡᠶᠢᠲᠡᠯᠡᠭᠰᠡᠨ ᠴᠠᠭ᠄
2022/6/16
       5 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠱᠢ ᠭᠤᠸᠠᠢ ᠭᠤᠸᠠᠩ ᠶᠤᠸᠠᠨ ᠺᠣᠮᠫᠠᠨᠢ ᠪᠣᠯᠣᠨ ᠯᠢᠦᠢ ᠶᠤᠸᠠᠨ ᠵᠢᠶᠧ ᠺᠣᠮᠫᠠᠨᠢ ᠱᠢ ᠭᠤᠸᠠᠢ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ︽ᠠᠶᠤᠯᠭᠦᠢ ᠦᠢᠯᠡᠳᠪᠦᠷᠢᠯᠡᠯ ᠢ ᠰᠣᠯᠪᠢᠴᠠᠭᠤᠯᠤᠨ ᠬᠠᠷᠢᠯᠴᠠᠨ ᠪᠠᠶᠢᠴᠠᠭᠠᠬᠤ ᠶᠢ ᠥᠷᠨᠢᠭᠦᠯᠬᠦ ᠮᠡᠳᠡᠭᠳᠡᠯ ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠱᠢ ᠭᠤᠸᠠᠢ ᠭᠤᠸᠠᠩ ᠶᠤᠸᠠᠨ ᠺᠣᠮᠫᠠᠨᠢ᠂ ᠯᠢᠦᠢ ᠶᠤᠸᠠᠨ ᠵᠢᠶᠧ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠢ ᠬᠠᠷᠢᠯᠴᠠᠨ ᠪᠠᠶᠢᠴᠠᠭᠠᠬᠤ ᠵᠢᠴᠢ ᠰᠣᠯᠢᠯᠴᠠᠨ ᠰᠤᠷᠤᠯᠴᠠᠬᠤ ᠶᠢ ᠥᠷᠨᠢᠭᠦᠯᠪᠡ᠃ᠡᠭᠦᠨ ᠳᠤ᠂ ᠯᠢᠦᠢ ᠶᠤᠸᠠᠨ ᠵᠢᠶᠧ ᠭᠤᠣᠯᠳᠠᠯᠭ᠎ᠠ ᠲᠠᠢ ᠪᠠᠷ ᠭᠤᠸᠠᠩ ᠶᠤᠸᠠᠨ ᠺᠣᠮᠫᠠᠨᠢ ᠶᠢᠨ ᠠᠯᠪᠠᠨ ᠠᠰᠠᠷ᠂ ᠱᠠᠩ ᠷᠦᠥᠸ᠋ ᠵᠢᠵᠢᠭ ᠲᠣᠭᠤᠷᠢᠭ ᠤᠨ ᠢᠯᠴᠢ ᠰᠣᠯᠢᠯᠴᠠᠬᠤ ᠥᠷᠲᠡᠭᠡ᠂ ᠪᠠᠷᠢᠯᠭ᠎ᠠ ᠶᠢᠨ ᠠᠵᠢᠯ ᠤᠨ ᠭᠠᠵᠠᠷ ᠲᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠭᠤᠸᠠᠩ ᠶᠤᠸᠠᠨ ᠺᠣᠮᠫᠠᠨᠢ ᠭᠤᠣᠯᠳᠠᠭᠤ ᠱᠠᠩ ᠷᠦᠥᠸ᠋ ᠵᠢᠵᠢᠭ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠪᠠᠭᠠᠰᠬᠠᠨ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠵᠢᠴᠢ ᠬᠠᠮᠢᠶᠠᠷᠤᠯᠲᠠ ᠳᠤ ᠬᠡᠷᠡᠭᠯᠡᠬᠦ ᠭᠡᠷ᠂ ᠢᠦᠢ ᠶᠢᠩ ᠵᠢᠵᠢᠭ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠪᠠᠭᠠᠰᠬᠠᠨ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠵᠢᠴᠢ ᠬᠠᠮᠢᠶᠠᠷᠤᠯᠲᠠ ᠳᠤ ᠬᠡᠷᠡᠭᠯᠡᠬᠦ ᠭᠡᠷ ᠪᠠᠶᠢᠰᠢᠩ ᠤᠨ ᠠᠶᠤᠯᠭᠦᠢ ᠦᠢᠯᠡᠳᠪᠦᠷᠢᠯᠡᠯ ᠳᠤ ᠪᠠᠶᠢᠴᠠᠭᠠᠯᠲᠠ ᠬᠢᠨ᠎ᠡ᠃ᠡᠭᠦᠨ ᠤ ᠬᠠᠮᠲᠤ ᠠᠶᠤᠯᠭᠦᠢ ᠦᠢᠯᠡᠳᠪᠦᠷᠢᠯᠡᠯ ᠤᠨ ᠲᠠᠩᠰᠠ ᠡᠪᠬᠡᠮᠡᠯ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ᠂ ᠠᠶᠤᠯᠭᠦᠢ ᠦᠢᠯᠡᠳᠪᠦᠷᠢᠯᠡᠯ ᠤᠨ ᠰᠢᠨ᠎ᠡ ᠬᠠᠤᠯᠢ ᠶᠢ ᠰᠤᠷᠤᠯᠴᠠᠬᠤ᠂ ᠠᠶᠤᠯᠭᠦᠢ ᠦᠢᠯᠡᠳᠪᠦᠷᠢᠯᠡᠯ ᠤᠨ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ︽ᠲᠦᠷᠪᠡᠨ ᠵᠢᠷᠤᠮᠵᠢᠯ︾  ᠢ ᠰᠤᠷᠤᠯᠴᠠᠨ ᠨᠠᠶᠢᠳᠠᠪᠤᠷᠢᠵᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠷ ᠨᠠᠷᠢᠨ ᠨᠢᠭᠲᠠ ᠪᠠᠶᠢᠴᠠᠭᠠᠯᠲᠠ ᠬᠢᠵᠡᠢ᠃ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠴᠡᠭᠴᠡᠯᠡᠨ ᠥᠭᠡᠷᠡᠴᠢᠯᠡᠭᠦᠯᠬᠦ ᠪᠠᠷ ᠰᠢᠪᠠᠳᠠᠪᠠ᠃

      ᠪᠠᠶᠢᠴᠠᠭᠠᠭᠰᠠᠨ ᠤ ᠲᠠᠷᠠᠭ᠎ᠠ᠂ ᠪᠠᠶᠢᠴᠠᠭᠠᠭᠰᠠᠨ ᠪᠠᠶᠢᠳᠠᠯ ᠬᠤᠶᠠᠷ ᠠᠵᠤ ᠠᠬᠤᠶᠢᠯᠠᠯ ᠲᠠᠢ ᠶᠠᠷᠢᠯᠴᠠᠨ

ᠰᠣᠯᠢᠯᠴᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠪᠣᠳᠣᠯᠭ᠎ᠠ ᠪᠠ

ᠠᠷᠭ᠎ᠠ ᠬᠡᠮᠵᠢᠶ᠎ᠡ ᠶᠢ ᠰᠤᠳᠤᠯᠵᠤ᠂ ᠲᠤᠰ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠯᠴᠠᠨ ᠪᠠᠶᠢᠴᠠᠭᠠᠬᠤ

ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ

ᠦᠷ᠎ᠡ ᠪᠦᠲᠦᠮᠵᠢ ᠪᠠ ᠶᠠᠰᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠺᠣᠮᠫᠠᠨᠢ ᠶᠢᠨ ᠠᠶᠤᠯᠭᠦᠢ

ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠪᠠ᠃

 
ᠢᠷᠡᠯᠲᠡ᠄ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠢᠨᠠᠨ ᠬᠠᠮᠢᠶᠠᠷᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号