ᠣᠶᠢᠷ᠎ᠠ ᠳᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠪᠣᠯᠣᠨ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠰᠢᠰᠲ᠋ᠧᠮ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠨᠠᠮ ᠤᠨ | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠭᠦᠨᠵᠡᠭᠡᠢ ᠤᠬᠠᠭᠤᠯᠤᠨ ᠲᠤᠤᠱᠯᠠᠭᠤᠯᠵᠤ᠂ ᠳᠤᠮᠳᠠᠳᠤ | ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ︾ ᠪᠠᠷ ᠭᠤᠣᠯ | ᠰᠡᠳᠦᠪ ᠪᠣᠯᠭᠠᠵᠤ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ | ᠰᠢᠷᠢᠰ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ︽ᠳᠤᠮᠳᠠᠳᠤ ᠶᠢᠨ ᠦᠨᠳᠦᠰᠦᠲᠡᠨ ᠪᠣᠯ ᠨᠢᠭᠡ ᠭᠡᠷ ᠤᠨ | ᠬᠥᠮᠥᠨ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ᠭᠦᠨ ᠵᠤᠵᠠᠭᠠᠨ | ᠠᠭᠤᠷ ᠠᠮᠢᠰᠬᠤᠯ ᠢ ᠪᠤᠢ ᠪᠣᠯᠭᠠᠪᠠ᠃ | | | | | ᠦᠨᠳᠦᠰᠦᠲᠡᠨ ᠤ ᠣᠨᠣᠯ ᠤᠨ ᠰᠤᠷᠤᠯᠴᠠᠯᠭ᠎ᠠ ᠶᠢ ᠴᠢᠩᠭᠠᠳᠬᠠᠨ᠎ᠠ᠄ ᠤᠯᠤᠰ ᠤᠨ ᠥᠮᠴᠢᠯᠡᠯᠲᠦ ᠡᠳ᠋ | ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠰᠲ᠋ᠧᠮ ᠨᠢ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ | ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠬᠠᠤᠯᠢ︾ ᠵᠡᠷᠭᠡ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠰᠤᠷᠤᠯᠴᠠᠬᠤ ᠲᠥᠯᠥᠪᠯᠡᠭᠡ ᠳᠤ | ᠣᠷᠣᠭᠤᠯᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠨᠢᠭᠡᠳᠦᠮᠡᠯ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠰᠬᠠᠢ ᠰᠡᠳᠦᠪᠲᠦ ᠰᠤᠷᠤᠯᠴᠠᠯᠭ᠎ᠠ ᠶᠢᠨ | ᠬᠤᠷᠠᠯ︾ ᠢ ᠥᠷᠨᠢᠭᠦᠯᠬᠦ ᠪᠠᠷ ᠳᠠᠮᠵᠢᠭᠤᠯᠤᠨ ᠺᠠᠳ᠋ᠷ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠪᠠᠶᠢᠭᠠᠳ | ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ | ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠣᠯᠭᠠᠨ᠎ᠠ᠃ | | | | | ᠤᠬᠠᠭᠤᠯᠭ᠎ᠠ ᠶᠢᠨ ᠬᠠᠮᠤᠷᠬᠤ ᠨᠥᠯᠥᠭᠡ ᠶᠢ ᠥᠷᠭᠡᠳᠬᠡᠨ᠎ᠡ᠄ ᠤᠯᠤᠰ ᠤᠨ ᠥᠮᠴᠢᠯᠡᠯ ᠤᠨ ᠡᠳ᠋ ᠬᠥᠷᠥᠩᠭᠡ | ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠢᠰᠲ᠋ᠧᠮ ᠤᠨ ᠬᠢᠨ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠣᠯᠠᠨ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢ ᠥᠷᠭᠡᠨ ᠳᠡᠯᠭᠡᠷ ᠥᠷᠨᠢᠭᠦᠯᠵᠦ᠂ ᠤᠬᠠᠭᠤᠯᠭ᠎ᠠ ᠬᠥᠮᠦᠵᠢᠯ ᠤᠨ ᠬᠠᠮᠤᠷᠬᠤ ᠬᠡᠪᠴᠢᠶ᠎ᠡ ᠪᠠ | ᠨᠥᠯᠥᠭᠡᠯᠡᠬᠦ ᠬᠦᠴᠦᠨ ᠢ ᠴᠢᠷᠮᠠᠶᠢᠨ ᠥᠷᠭᠡᠳᠬᠡᠵᠦ᠂ ᠠᠵᠢᠯᠯᠠᠭ᠎ᠠ ᠶᠢᠨ ᠬᠤᠭᠤᠴᠠᠭᠠᠨ ᠳᠤ ᠤᠬᠠᠭᠤᠯᠬᠤ ᠳᠡᠪᠲᠡᠷ ᠢ | 100 ᠭᠠᠷᠤᠢ ᠬᠤᠪᠢ ᠲᠠᠷᠬᠠᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ | ᠲᠠᠲᠠᠬᠤ ᠬᠦᠴᠦᠨ ᠢ ᠦᠨᠡᠨ ᠬᠦ ᠴᠢᠩᠭᠠᠳᠬᠠᠵᠤ᠂ ᠨᠥᠯᠥᠭᠡᠯᠡᠬᠦ ᠬᠦᠴᠦᠨ ᠢ ᠥᠷᠭᠡᠳᠬᠡᠨ᠂ ᠣᠶᠢᠯᠠᠭᠠᠬᠤ ᠨᠤᠷᠮ᠎ᠠ ᠶᠢ | ᠳᠡᠭᠡᠭᠰᠢᠯᠡᠭᠦᠯᠵᠦ᠂ ᠬᠥᠮᠥᠨ ᠪᠦᠬᠦᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠬᠠᠯᠠᠮᠵᠢᠯᠠᠬᠤ᠂ | ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠤᠯᠴᠠᠬᠤ ᠭᠦᠨ ᠵᠤᠵᠠᠭᠠᠨ | ᠠᠭᠤᠷ ᠠᠮᠢᠰᠬᠤᠯ ᠢ ᠪᠣᠢ ᠪᠣᠯᠭᠠᠬᠤ ᠶᠢ ᠲᠦᠯᠬᠢᠨ ᠠᠬᠢᠭᠤᠯᠤᠨ᠎ᠠ᠃ | | | |