ᠠᠷᠠᠳ ᠤᠨ ᠪᠠᠶᠢᠳᠠᠯ ᠢ ᠪᠠᠶᠢᠴᠠᠭᠠᠨ᠂ ᠳᠠᠷᠤᠭᠳᠠᠮᠠᠯ ᠬᠡᠷᠡᠭ ᠢ ᠰᠢᠢᠳᠪᠦᠷᠢᠯᠡᠵᠦ᠂ ᠠᠷᠠᠳ ᠤᠨ | ᠬᠦᠴᠢᠷᠳᠡᠯ ᠢ ᠠᠷᠢᠯᠭᠠᠵᠤ᠂ ᠬᠠᠭᠤᠴᠢᠨ ᠥᠰᠢᠶ᠎ᠡ ᠬᠤᠷᠣᠰᠤᠯ ᠢ ᠠᠷᠢᠯᠭᠠᠨ᠎ᠠ᠃ᠥᠪᠡᠷᠲᠡᠭᠡᠨ ᠵᠠᠰᠠᠬᠤ ᠣᠷᠣᠨ ᠤ | ᠰᠤᠷᠲᠠᠯ ᠤᠨ ᠪᠠᠶᠢᠭᠤᠯᠤᠯᠲᠠ ᠶᠢᠨ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠠᠴᠠ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠢᠯᠭᠠᠷᠠᠭᠤᠯᠬᠤ ᠶᠠᠪᠤᠳᠠᠯ ᠢ ᠺᠠᠳ᠋ᠷ ᠤᠨ | ᠰᠤᠷᠲᠠᠯ ᠢ ᠬᠤᠪᠢᠷᠠᠭᠤᠯᠬᠤ᠂ ᠨᠠᠮ ᠪᠠ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ ᠶᠢᠨ ᠴᠢᠬᠤᠯᠠ | ᠭᠠᠷᠳᠠᠴᠠ ᠪᠣᠯᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠢᠯᠭᠠᠷᠠᠭᠤᠯᠬᠤ ᠠᠵᠢᠯ ᠢ ᠪᠥᠬᠦ | ᠰᠢᠰᠲ᠋ᠧᠮ ᠢᠶᠠᠷ ᠢᠶᠠᠨ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠣᠯᠠᠨ ᠲᠦᠮᠡᠨ ᠤ ᠬᠠᠤᠯᠢ ᠶᠣᠰᠣᠨ ᠤ ᠡᠷᠬᠡ | ᠠᠰᠢᠭ ᠢ ᠦᠨᠡᠨᠬᠦ ᠬᠠᠮᠠᠭᠠᠯᠠᠪᠠ᠃ᠣᠳᠣ ᠪᠣᠯᠲᠠᠯ᠎ᠠ᠂ ᠣᠯᠠᠨ ᠵᠢᠯ ᠤᠨ ᠲᠤᠷᠰᠢᠬᠢ ᠵᠠᠬᠢᠳᠠᠯ ᠰᠣᠷᠪᠤᠯᠵᠢᠯᠠᠭ᠎ᠠ ᠶᠢᠨ | ᠳᠠᠷᠤᠭᠳᠠᠮᠠᠯ ᠬᠡᠷᠡᠭ ᠢ ᠠᠮᠵᠢᠯᠲᠠ ᠲᠠᠢ ᠪᠠᠷ ᠰᠢᠢᠳᠪᠦᠷᠢᠯᠡᠵᠡᠢ᠃ | ᠨᠢᠭᠡ ᠳᠤ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠢᠳᠡᠪᠬᠢᠲᠡᠢ ᠪᠠᠷ ᠪᠠᠶᠢᠴᠠᠭᠠᠵᠤ ᠬᠢᠨᠠᠨᠭᠤᠣᠯᠯᠠᠨ | ᠡᠷᠬᠢᠯᠡᠭᠰᠡᠨ ᠨᠢᠭᠡᠴᠢ ᠪᠣᠯᠬᠤ ᠢ ᠰᠢᠩ ᠺᠣᠮᠫᠠᠨᠢ ᠵᠠᠬᠢᠳᠠᠯ ᠰᠣᠷᠪᠤᠯᠵᠢᠯᠠᠭ᠎ᠠ ᠶᠢᠨ ᠦᠯᠡᠳᠡᠭᠳᠡᠯ ᠠᠰᠠᠭᠤᠳᠠᠯ ᠳᠤ | ᠴᠢᠭᠯᠡᠭᠦᠯᠦᠨ ᠪᠦᠬᠦ ᠲᠠᠯ᠎ᠠ ᠪᠠᠷ ᠪᠠᠶᠢᠴᠠᠭᠠᠯᠲᠠ ᠬᠢᠵᠦ᠂ ᠡᠮᠬᠢᠯᠡᠵᠦ᠂ ᠭᠡᠷᠡᠴᠢ ᠠᠪᠴᠤ᠂ ᠵᠠᠬᠢᠳᠠᠯ ᠰᠣᠷᠪᠤᠯᠵᠢᠯᠠᠭ᠎ᠠ ᠶᠢᠨ | ᠵᠦᠢᠯᠡᠰ ᠤᠨ ᠤᠴᠢᠷ ᠰᠢᠯᠲᠠᠭᠠᠨ ᠢ ᠭᠦᠢᠴᠡᠳ ᠣᠶᠢᠯᠠᠭᠠᠵᠤ᠂ ᠵᠠᠩᠭᠢᠯᠠᠭ᠎ᠠ ᠶᠢ ᠣᠨᠣᠪᠴᠢᠲᠠᠢ ᠡᠷᠢᠵᠦ᠂ ᠰᠢᠢᠳᠪᠦᠷᠢᠯᠡᠬᠦ | ᠠᠷᠭ᠎ᠠ ᠶᠢ ᠰᠤᠳᠤᠯᠪᠠ᠃ | ᠬᠤᠶᠠᠷ ᠲᠤ ᠰᠢᠨᠵᠢᠯᠡᠬᠦ ᠤᠬᠠᠭᠠᠨᠴᠢ ᠪᠠᠷ ᠵᠢᠯᠤᠭᠤᠳᠴᠤ᠂ ᠬᠦᠴᠦ ᠪᠠᠨ ᠨᠢᠭᠡᠳᠬᠡᠨ ᠬᠤᠷᠰᠢᠶᠠᠵᠢᠭᠤᠯᠬᠤ | ᠳᠠᠷᠤᠭᠳᠠᠮᠠᠯ ᠬᠡᠷᠡᠭ᠃ᠣᠷᠣᠨ ᠤ ᠨᠠᠮ ᠤᠨ ᠬᠤᠷᠢᠶ᠎ᠠ ᠣᠷᠣᠨ ᠤ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ | ᠵᠢᠯᠣᠭᠤᠳᠤᠯᠭ᠎ᠠ ᠳᠣᠣᠷ᠎ᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ | ᠦᠳᠲᠡᠷ ᠲᠦᠷᠭᠡᠨ ᠬᠥᠳᠡᠯᠦᠯᠴᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ᠂ ᠲᠡᠷᠡ ᠳᠠᠷᠤᠢ ᠳᠤᠨᠢ | ᠰᠤᠳᠤᠯᠤᠨ ᠬᠢᠨᠠᠨ ᠶᠠᠷᠢᠯᠴᠠᠵᠤ᠂ ᠪᠣᠳᠠᠲᠠᠢ ᠰᠢᠢᠳᠪᠦᠷᠢᠯᠡᠬᠦ ᠲᠥᠰᠥᠯ ᠭᠠᠷᠭᠠᠪᠠ᠃ | ᠭᠤᠷᠪᠠ ᠳᠤ ᠬᠡᠷᠡᠭ ᠢ ᠲᠦᠷᠭᠡᠨ ᠰᠢᠢᠳᠪᠦᠷᠢᠯᠡᠵᠦ ᠳᠠᠭᠤᠰᠬᠠᠪᠠ᠃ᠰᠢᠢᠳᠪᠦᠷᠢᠯᠡᠬᠦ ᠲᠥᠰᠥᠯ ᠤᠨ ᠶᠣᠰᠣᠭᠠᠷ | ᠵᠠᠬᠢᠳᠠᠯ ᠰᠣᠷᠪᠤᠯᠵᠢᠯᠠᠭ᠎ᠠ ᠬᠢᠭᠰᠡᠳ ᠤᠨ ᠵᠥᠪᠰᠢᠶᠡᠷᠡᠯ ᠢ ᠣᠯᠵᠤ᠂ ᠪᠠᠷᠢᠯᠭ᠎ᠠ ᠶᠢᠨ ᠦᠯᠡᠳᠡᠭᠰᠡᠨ ᠵᠣᠭᠤᠰ 242 | ᠲᠦᠮᠡᠨ ᠲᠥᠭᠦᠷᠢᠭ ᠢ ᠴᠠᠭ ᠲᠤᠬᠠᠢ ᠳᠤᠨᠢ ᠵᠠᠬᠢᠳᠠᠯ ᠰᠣᠷᠪᠤᠯᠵᠢᠯᠠᠭ᠎ᠠ ᠬᠢᠭᠰᠡᠳ ᠤᠨ ᠲᠠᠩᠰᠠᠨ ᠡᠷᠦᠭᠡ ᠳᠤ | ᠰᠢᠯᠵᠢᠭᠦᠯᠦᠨ ᠣᠷᠣᠭᠤᠯᠵᠤ᠂ ᠵᠠᠬᠢᠳᠠᠯ ᠰᠣᠷᠪᠤᠯᠵᠢᠯᠠᠭ᠎ᠠ ᠬᠢᠭᠰᠡᠳ ᠵᠤᠤ ᠣᠪᠣᠭᠲᠤ ᠵᠠᠭᠠᠯᠳᠤᠬᠤ ᠪᠠᠨ ᠵᠣᠭᠰᠣᠵᠤ | ᠰᠤᠷᠪᠤᠯᠵᠢᠯᠠᠬᠤ ᠪᠠᠨ ᠵᠣᠭᠰᠣᠬᠤ ᠬᠡᠯᠡᠯᠴᠡᠭᠡᠷ ᠲᠣᠭᠲᠠᠭᠠᠵᠤ᠂ ᠰᠢᠢᠳᠪᠦᠷᠢᠯᠡᠭᠰᠡᠨ ᠦᠷ᠎ᠡ ᠳ᠋ᠦᠩ ᠳᠤ ᠮᠠᠰᠢ | ᠬᠠᠨᠤᠮᠵᠢᠲᠠᠶ ᠪᠠᠶᠢᠬᠤ ᠪᠠᠨ ᠢᠯᠡᠳᠬᠡᠭᠰᠡᠨ ᠪᠥᠭᠡᠳ ᠡᠭᠦᠨ ᠠᠴᠠ ᠪᠣᠯᠵᠤ ᠠᠰᠠᠭᠤᠳᠠᠯ ᠤᠨ ᠲᠠᠯ᠎ᠠ ᠪᠠᠷ ᠶᠠᠮᠠᠷ ᠴᠤ | ᠬᠡᠯᠪᠡᠷᠢ ᠶᠢᠨ ᠵᠠᠬᠢᠳᠠᠯ ᠰᠣᠷᠪᠤᠯᠵᠢᠯᠠᠭ᠎ᠠ ᠬᠢᠬᠦ ᠦᠭᠡᠢ ᠭᠡᠵᠦ ᠠᠮᠠᠯᠠᠵᠠᠢ᠃ |