ᠰᠢᠭᠤᠶᠢᠲᠤ ᠲᠣᠭᠤᠷᠢᠭ 2022 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠠᠶᠢᠷᠢᠯᠠᠭᠤᠯᠤᠯᠲᠠ ᠵᠢᠴᠢ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/21
       ᠪᠥᠬᠦ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠡᠭᠦᠷᠭᠡ ᠶᠢ ᠪᠡᠶᠡᠯᠡᠭᠦᠯᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ   ᠠᠴᠠ ᠪᠥᠬᠦ ᠣᠷᠣᠨ ᠤ 2022 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠠᠶᠢᠷᠢᠯᠠᠭᠤᠯᠤᠯᠲᠠ ᠵᠢᠴᠢ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠵᠢᠶᠠ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

      ᠬᠤᠷᠠᠯ ᠳᠡᠭᠡᠷ᠎ᠡ᠂ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ   ᠠᠴᠠ 2022

ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠥᠭᠡᠳ

ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠤᠰᠬᠠᠶᠢᠵᠢᠯᠲᠠ᠂ ᠵᠢᠷᠤᠮᠵᠢᠭᠤᠯᠤᠯᠲᠠ ᠶᠢᠨ ᠬᠢᠷᠢ

ᠲᠦᠪᠰᠢᠨ ᠳᠤ ᠪᠣᠯᠪᠠᠰᠤᠷᠠᠭᠤᠯᠤᠯ ᠬᠢᠭᠰᠡᠨ ᠪᠠᠶᠢᠨ᠎ᠠ᠃ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠵᠢᠶᠠ ᠵᠢᠶᠦ᠋ᠨ

ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠤᠬᠠᠢ ᠱᠠᠭᠠᠷᠳᠠᠯᠭ᠎ᠠ ᠳᠤᠷᠠᠳᠴᠠᠢ᠂ ᠨᠢᠭᠡ ᠳᠤ ᠡᠯ᠎ᠡ

ᠨᠢᠭᠡᠴᠡ ᠶᠢᠨ ᠬᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠭᠤᠣᠯᠳᠠᠯᠭ᠎ᠠ ᠵᠢᠴᠢ ᠡᠬᠡ ᠲᠠᠩᠰᠠ ᠶᠢᠨ ᠶᠣᠰᠣᠭᠠᠷ᠂

ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ ᠬᠠᠷᠢᠴᠠᠭᠤᠯᠤᠨ᠂ ᠲᠣᠰ ᠨᠢᠭᠡᠴᠡ ᠶᠢᠨ ᠢᠶᠠᠨ

ᠠᠵᠢᠯ ᠤᠨ ᠡᠬᠡ ᠲᠠᠩᠰᠠ ᠶᠢ ᠪᠣᠶ ᠪᠣᠯᠭᠠᠵᠤ᠂ ᠲᠣᠰ ᠰᠠᠯᠠᠭ᠎ᠠ ᠮᠥᠴᠢᠷ ᠤᠨ ᠢᠶᠠᠨ ᠠᠬᠢᠴᠠ ᠶᠢᠨ ᠪᠠᠶᠢᠳᠠᠯ ᠢ

ᠲᠠᠭᠯᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ

ᠪᠠᠲᠤᠯᠠᠬᠤ ᠬᠡᠷᠡᠭᠲᠡᠢ᠃ᠬᠤᠶᠠᠷ ᠲᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ᠡᠯ᠎ᠡ ᠲᠥᠷᠥᠯ ᠤᠨ ᠮᠡᠳᠡᠭᠡ

ᠵᠠᠩᠭᠢ ᠶᠢ ᠮᠡᠳᠡᠭᠦᠯᠦᠨ ᠬᠦᠷᠭᠡᠬᠦ ᠶᠢ ᠵᠢᠷᠤᠮᠵᠢᠭᠤᠯᠤᠨ᠎ᠠ᠃ᠡᠯ᠎ᠡ ᠰᠠᠯᠠᠭ᠎ᠠ ᠮᠥᠴᠢᠷ ᠤᠳ ᠪᠥᠬᠦ ᠵᠢᠯ ᠤᠨ ᠰᠠᠯᠠᠭ᠎ᠠ

ᠮᠥᠴᠢᠷ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠠᠯᠠᠭ᠎ᠠ

ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠲᠠᠩᠰᠠᠨ ᠨᠣᠮᠧᠷ ᠲᠤ ᠲᠡᠮᠳᠡᠭᠯᠡᠵᠦ᠂ ᠵᠠᠰᠠᠭ ᠤᠨ ᠣᠷᠳᠣᠨ ᠤ

ᠫᠤᠷᠲ᠋ᠧᠯ ᠰᠦᠯᠵᠢᠶ᠎ᠡ ᠶᠢᠨ ᠰᠠᠯᠠᠭ᠎ᠠ ᠮᠥᠴᠢᠷ ᠤᠨ ᠬᠥᠳᠡᠯᠦᠯ ᠪᠠᠶᠢᠳᠠᠯ᠂ ᠮᠡᠳᠡᠭᠳᠡᠯ ᠠᠯᠪᠠᠨ ᠵᠠᠷ ᠵᠡᠷᠭᠡ ᠪᠤᠯᠤᠩ ᠤᠨ

ᠮᠡᠳᠡᠭᠡ ᠵᠠᠩᠭᠢ ᠶᠢ ᠴᠠᠭ ᠲᠤᠬᠠᠢ ᠳᠤᠨᠢ ᠰᠢᠨᠡᠳᠬᠡᠬᠦ ᠬᠡᠷᠡᠭᠲᠡᠢ᠃ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ

ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠨᠢᠭᠡ ᠵᠦᠢᠯ ᠤᠨ ᠬᠡᠪᠰᠢᠭᠰᠡᠨ ᠠᠵᠢᠯ ᠪᠣᠯᠭᠠᠨ ᠬᠠᠮᠢᠶᠠᠷᠴᠤ᠂

ᠭᠤᠣᠯ ᠤᠳᠤᠷᠢᠳᠤᠯᠭ᠎ᠠ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠦᠵᠡᠯ ᠤᠬᠠᠮᠰᠠᠷ ᠢ ᠴᠢᠩᠭᠠᠷᠠᠭᠤᠯᠤᠨ᠂

ᠮᠡᠳᠡᠭᠡ ᠵᠠᠩᠭᠢ ᠨᠡᠶᠢᠲᠡᠯᠡᠬᠦ ︽ᠭᠤᠷᠪᠠ ᠶᠢ ᠬᠢᠨᠠᠬᠤ ᠳᠦᠷᠢᠮ︾ ᠢ ᠴᠢᠩᠭ᠎ᠠ ᠵᠢᠷᠤᠮᠯᠠᠨ᠂ ᠮᠡᠳᠡᠭᠡ ᠵᠠᠩᠭᠢᠴᠢ ᠠᠴᠠ

ᠨᠠᠶᠢᠷᠠᠭᠤᠯᠬᠤ ᠪᠠ ᠬᠠᠷᠭᠤᠭᠤᠯᠬᠤ ᠶᠢ ᠬᠠᠷᠢᠭᠤᠴᠠᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠨᠢ

ᠠᠩᠬᠠᠨ ᠤ ᠬᠢᠨᠠᠯᠲᠠ ᠬᠢᠵᠦ᠂ ᠭᠤᠣᠯ ᠤᠳᠤᠷᠢᠳᠤᠯᠭ᠎ᠠ ᠨᠢ ᠡᠴᠦᠰ ᠤᠨ ᠰᠢᠭᠦᠯᠲᠡ ᠬᠢᠵᠦ᠂ ᠮᠡᠳᠡᠭᠡ ᠵᠠᠩᠭᠢ ᠶᠢᠨ

ᠵᠢᠷᠦᠮᠵᠢᠯᠲᠡ ᠶᠢ ᠦᠨᠡᠨᠬᠦ ᠪᠠᠲᠤᠯᠠᠬᠤ ᠬᠡᠷᠡᠭᠲᠡᠢ᠃

      ᠲᠤᠰ ᠤᠳᠠᠭᠠᠨ ᠤ ᠬᠤᠷᠠᠯ ᠢ ᠪᠠᠲᠤᠯᠠᠵᠤ᠂ ᠬᠤᠷᠠᠯ ᠳᠤ ᠣᠷᠣᠯᠴᠠᠭᠰᠠᠳ ᠦᠨᠳᠦᠰᠦᠨ ᠱᠠᠲᠤᠨ ᠤ

ᠵᠠᠰᠠᠭ ᠤᠨ ᠶᠠᠪᠤᠳᠠᠯ ᠢ ᠢᠯᠡ ᠪᠣᠯᠭᠠᠬᠤ  ᠶᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠠᠵᠢᠯ ᠳᠤ ᠨᠡᠩ ᠭᠦᠨᠵᠡᠭᠡᠢ

ᠣᠶᠢᠯᠠᠭᠠᠯᠲᠠ  ᠲᠠᠢ ᠪᠣᠯᠵᠤ᠂ ᠮᠠᠨ ᠤ ᠲᠣᠪᠴᠢᠶ᠎ᠠ ᠴᠤ ᠬᠤᠶᠢᠰᠢᠳᠠ ᠶᠢᠨ ᠠᠵᠢᠯ ᠤᠨ ᠳᠤᠮᠳᠠ ᠪᠠᠨ ᠵᠠᠰᠠᠭ ᠤᠨ

ᠶᠠᠪᠤᠳᠠᠯ ᠢ ᠢᠯᠡ ᠪᠣᠯᠭᠠᠬᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠢ ᠢᠯᠡ

ᠪᠣᠯᠭᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠭᠦᠷᠭᠡ ᠴᠢᠳᠠᠪᠤᠷᠢ ᠶᠢᠨ

ᠦᠢᠯᠡᠳᠦᠯ ᠢ ᠴᠢᠩᠭᠠᠷᠠᠭᠤᠯᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ

ᠪᠠᠷᠢᠮᠵᠢᠶᠠᠵᠢᠭᠤᠯᠤᠨ ᠵᠢᠷᠤᠮᠵᠢᠭᠤᠯᠬᠤ ᠶᠢ ᠬᠦᠴᠦᠯᠡᠨ ᠠᠬᠢᠭᠤᠯᠵᠤ᠂ ᠰᠢᠭᠤᠶᠢᠲᠤ ᠲᠣᠭᠤᠷᠢᠭ ᠤᠨ ᠬᠤᠳᠠᠯᠳᠤᠭ᠎ᠠ

ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃

 
ᠢᠷᠡᠯᠲᠡ᠄ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号