【ᠠᠵᠢᠯᠯᠠᠭ᠎ᠠ】ᠰᠢᠭᠤᠶᠢᠲᠤ ᠵᠡᠭᠡᠯᠢ ᠭᠤᠳᠤᠮᠵᠢ ᠶᠢᠨ ᠬᠠᠯᠠᠭᠤᠨ ᠳᠤᠯᠠᠭᠠᠨ ᠭᠡᠷ ᠣᠷᠣᠨ ᠳᠤ ᠡᠷᠡᠭᠦᠯᠵᠢᠯ ᠤᠨ ᠪᠣᠯᠪᠠᠰᠤᠷᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/7/13
       ᠬᠠᠷᠢᠶᠠᠲᠤ ᠣᠷᠣᠨ ᠤ ᠵᠡᠮᠳᠡᠭᠴᠦᠳ ᠤᠨ ᠡᠷᠡᠭᠦᠯᠵᠢᠯ ᠤᠨ ᠮᠡᠳᠡᠯᠭᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠵᠡᠮᠳᠡᠭᠴᠦᠳ ᠤᠨ ᠡᠷᠡᠭᠦᠯᠵᠢᠯ ᠤᠨ ᠲᠥᠷᠥᠯ ᠤᠨ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠦᠨ᠂ ᠬᠠᠷᠢᠶᠠᠲᠤ ᠣᠷᠣᠨ ᠤ ᠵᠡᠮᠳᠡᠭᠴᠦᠳ ᠵᠢᠴᠢ ᠭᠡᠷ ᠪᠦᠯᠢ ᠶᠢᠨ ᠬᠢᠨ ᠳᠤ ᠵᠡᠮᠳᠡᠭ ᠢ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠭᠦᠯᠬᠦ ᠡᠮᠴᠢᠯᠡᠭᠡ ᠶᠢᠨ ᠲᠠᠯ᠎ᠠ ᠪᠠᠷ ᠵᠣᠬᠢᠬᠤ ᠣᠶᠢᠯᠠᠭᠠᠯᠲᠠ ᠪᠠ ᠲᠠᠨᠢᠯᠲᠠ ᠲᠠᠢ ᠪᠣᠯᠭᠠᠬᠤ ᠶᠢᠨ ᠲᠥᠯᠥᠭᠡ᠂ 7 ᠰᠠᠷ᠎ᠠ ᠶᠢᠨ 12 ᠤᠨ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠬᠠᠷᠢᠶᠠᠲᠤ ᠣᠷᠣᠨ ᠤ ᠳᠣᠲᠣᠷᠠᠬᠢ ᠵᠡᠮᠳᠡᠭᠴᠦᠳ ᠵᠢᠴᠢ ᠭᠡᠷ ᠪᠦᠯᠢ ᠶᠢᠨ ᠬᠢᠨ ᠢ ᠵᠣᠬᠢᠶᠠᠨ ᠪᠠᠶᠢᠭᠤᠯᠵᠤ ︽ᠡᠷᠡᠭᠦᠯᠵᠢᠯ ᠤᠨ ᠮᠡᠳᠡᠯᠭᠡ ᠶᠢᠨ ᠪᠠᠭ᠎ᠠ ᠬᠢᠴᠢᠶᠡᠯ ᠤᠨ ᠲᠠᠩᠬᠢᠮ︾ ᠤᠨ ᠠᠵᠢᠯᠯᠠᠭ᠎ᠠ ᠥᠷᠨᠢᠭᠦᠯᠪᠡ᠃

      ᠠᠵᠢᠯᠯᠠᠭ᠎ᠠ ᠶᠢᠨ ᠳᠤᠮᠳᠠ᠂ ᠬᠠᠯᠠᠭᠤᠨ ᠳᠤᠯᠠᠭᠠᠨ ᠭᠡᠷ ᠪᠦᠯᠢ ᠶᠢᠨ ᠬᠠᠷᠢᠭᠤᠴᠠᠯᠭᠠᠲᠠᠨ ᠲᠣᠪᠴᠢ

ᠠᠪᠰᠠᠷᠬᠠᠨ ᠦᠭᠡ ᠬᠡᠯᠡ ᠪᠠᠷ ᠡᠯ᠎ᠡ ᠲᠥᠷᠥᠯ ᠤᠨ ᠲᠤᠰᠠᠯᠠᠬᠤ ᠪᠠᠭᠠᠵᠢ ᠶᠢ ᠬᠡᠷᠡᠭᠯᠡᠬᠦ ᠠᠷᠭ᠎ᠠ᠂ ᠠᠳᠠᠯᠢ ᠪᠤᠰᠤ

ᠲᠥᠷᠥᠯ ᠤᠨ ᠵᠡᠮᠳᠡᠭᠴᠦᠳ ᠲᠤ ᠡᠷᠡᠭᠦᠯᠵᠢᠯ ᠤᠨ ᠪᠣᠯᠪᠠᠰᠤᠷᠠᠯ ᠢ ᠬᠡᠷᠬᠢᠨ ᠬᠢᠬᠦ᠂ ᠵᠡᠮᠳᠡᠭᠴᠦᠳ ᠥᠪᠡᠷ ᠤᠨ ᠪᠡᠶ᠎ᠡ

 ᠳᠤᠨᠢ ᠲᠣᠬᠢᠷᠠᠬᠤ ᠲᠤᠰᠠᠯᠠᠬᠤ ᠪᠠᠭᠠᠵᠢ ᠶᠢ ᠬᠡᠷᠬᠢᠨ ᠰᠣᠩᠭᠤᠬᠤ ᠵᠡᠷᠭᠡ ᠬᠠᠮᠢᠶ᠎ᠠ ᠪᠦᠬᠦᠢ ᠠᠰᠠᠭᠤᠳᠠᠯ ᠤᠨ ᠲᠠᠯ᠎ᠠ ᠪᠠᠷ

ᠲᠠᠨᠢᠯᠴᠠᠭᠤᠯᠤᠭᠰᠠᠨ ᠤ ᠬᠠᠮᠲᠤ ᠲᠤᠰᠠᠯᠠᠬᠤ ᠪᠠᠭᠠᠵᠢ ᠶᠢ ᠬᠡᠷᠬᠢᠨ ᠵᠥᠪ ᠬᠡᠷᠡᠭᠯᠡᠬᠦ ᠵᠢᠴᠢ ᠠᠩᠬᠠᠷᠬᠤ ᠵᠦᠢᠯᠡᠰ ᠢ ᠨᠢᠭᠡ

ᠨᠢᠭᠡ ᠪᠠᠷ ᠲᠤᠬᠠᠢ ᠶᠢᠨ ᠲᠠᠯᠠᠪᠤᠷ ᠲᠤ ᠲᠠᠶᠢᠯᠪᠤᠷᠢᠯᠠᠨ ᠶᠠᠷᠢᠭᠰᠠᠨ ᠪᠠᠶᠢᠨ᠎ᠠ᠃

      ᠵᠡᠮᠳᠡᠭᠴᠦᠳ ᠤᠨ ︽ᠡᠷᠡᠭᠦᠯᠵᠢᠯ ᠤᠨ ᠮᠡᠳᠡᠯᠭᠡ ᠶᠢᠨ ᠪᠠᠭ᠎ᠠ ᠬᠢᠴᠢᠶᠡᠯ ᠤᠨ ᠲᠠᠩᠬᠢᠮ︾ ᠤᠨ ᠠᠵᠢᠯᠯᠠᠭ᠎ᠠ ᠶᠢ

ᠥᠷᠨᠢᠭᠦᠯᠬᠦ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠵᠡᠮᠳᠡᠭᠴᠦᠳ ᠤᠨ ᠡᠷᠡᠭᠦᠯᠵᠢᠯ ᠤᠨ ᠮᠡᠳᠡᠯᠭᠡ ᠶᠢᠨ ᠬᠢᠷᠢ

ᠬᠡᠮᠵᠢᠶ᠎ᠡ ᠪᠠ ᠵᠡᠮᠳᠡᠭ ᠢ ᠤᠷᠢᠳᠴᠢᠯᠠᠨ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠲᠡᠳᠡᠨ ᠢ ᠬᠠᠪᠰᠤᠷᠤᠨ

ᠡᠷᠡᠭᠦᠯᠵᠢᠯ ᠤᠨ ᠢᠲᠡᠭᠡᠯ ᠢ ᠪᠣᠶ ᠪᠣᠯᠭᠠᠵᠤ᠂ ᠲᠣᠰ ᠪᠡᠶ᠎ᠡ ᠶᠢᠨ ᠵᠡᠮᠳᠡᠭ ᠲᠤ ᠵᠥᠪ ᠢᠶᠠᠷ ᠬᠠᠨᠳᠤᠭᠤᠯᠤᠨ᠂

ᠡᠷᠡᠭᠦᠯᠵᠢᠯ ᠤᠨ ᠪᠣᠯᠪᠠᠰᠤᠷᠠᠯ ᠤᠨ ᠡᠷᠲᠡᠬᠡᠨ ᠡᠷᠡᠭᠦᠯᠵᠢᠬᠦ ᠳᠤ ᠢᠳᠡᠪᠬᠢᠲᠡᠢ ᠣᠷᠣᠯᠴᠠᠭᠤᠯᠵᠤ᠂ ᠨᠡᠶᠢᠭᠡᠮ ᠳᠤ ᠨᠠᠩ

ᠰᠠᠶᠢᠨ ᠠᠭᠤᠰᠤᠯᠴᠠᠭᠤᠯᠪᠠ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号