【ᠠᠵᠢᠯᠯᠠᠭ᠎ᠠ】 ᠰᠢᠭᠤᠶᠢᠲᠤ ᠵᠡᠭᠡᠯᠢ ᠭᠤᠳᠤᠮᠵᠢ ᠶᠢᠨ ᠬᠠᠯᠠᠭᠤᠨ ᠳᠤᠯᠠᠭᠠᠨ ᠭᠡᠷ ᠣᠷᠣᠨ ᠨᠠᠮ ᠪᠠᠶᠢᠭᠤᠯᠤᠭᠳᠠᠭᠰᠠᠨ 101 ᠵᠢᠯ ᠤᠨ ᠣᠶ ᠶᠢ ᠪᠡᠯᠭᠡᠯᠡᠬᠦ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/7/13
       ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 101 ᠵᠢᠯ ᠤᠨ ᠣᠶ ᠶᠢ ᠪᠡᠯᠭᠡᠯᠡᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ᠂ ᠵᠡᠮᠳᠡᠭᠴᠦᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠦᠨᠡᠨ ᠬᠦ ᠴᠢᠩᠭᠠᠳᠬᠠᠬᠤ ᠶᠢᠨ ᠲᠥᠯᠥᠭᠡ᠂ 6 ᠰᠠᠷ᠎ᠠ ᠶᠢᠨ 28 ᠤ ᠡᠳᠦᠷ᠂ ᠵᠡᠭᠡᠯᠢ ᠭᠤᠳᠤᠮᠵᠢ ᠶᠢᠨ ᠬᠢᠨ ︽ᠰᠢᠭᠤᠶᠢᠲᠤ ᠠᠭᠤᠷᠬᠠᠢ ᠶᠢᠨ ᠬᠥᠮᠥᠰ ᠤᠨ ᠪᠥᠵᠢᠭ ᠤᠨ ᠠᠩᠭᠢ︾ ᠶᠢ ᠤᠷᠢᠨ ᠬᠠᠯᠠᠭᠤᠨ ᠳᠤᠯᠠᠭᠠᠨ ᠭᠡᠷ ᠣᠷᠣᠨ ᠳᠤ ︽ᠤᠯᠠᠭᠠᠨ ᠰᠡᠳᠬᠢᠯ ᠢᠶᠠᠷ ᠨᠠᠮ ᠳᠠᠭᠠᠨ ᠬᠠᠨᠳᠤᠵᠤ᠂ ᠬᠠᠶᠢᠷ᠎ᠠ ᠬᠠᠯᠠᠮᠵᠢ ᠪᠠᠷ ᠵᠡᠮᠳᠡᠭᠴᠦᠳ ᠢ ᠬᠠᠪᠰᠤᠷᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃

      ᠠᠵᠢᠯᠯᠠᠭ᠎ᠠ ᠶᠢᠨ ᠬᠡᠯᠪᠡᠷᠢ ᠨᠢ ᠰᠢᠨ᠎ᠡ ᠰᠡᠪᠡᠭᠦᠨ ᠤᠯᠠᠨ ᠶᠠᠩᠵᠤ ᠶᠢᠨ ᠪᠠᠶᠢᠵᠤ᠂ ᠪᠠᠶᠠᠯᠢᠭ ᠰᠠᠶᠢᠬᠠᠨ ᠪᠠᠶᠢᠵᠤ᠂

︽ᠨᠤᠲᠤᠭ ᠤᠨ ᠳᠠᠭᠤᠤ ᠶᠢ ᠳᠠᠭᠤᠯᠠᠨ ᠨᠠᠮ ᠳᠠᠭᠠᠨ ᠰᠣᠨᠣᠰᠬᠠᠨ᠎ᠠ︾᠂︽ᠤᠯᠠᠭᠠᠨ ᠴᠡᠷᠢᠭ ᠲᠤ ᠠᠷᠪᠠ ᠶᠢ ᠬᠦᠷᠭᠡᠶ᠎ᠡ︾᠂

︽ᠡᠬᠡ ᠤᠯᠤᠰ ᠢᠶᠠᠨ ᠳᠠᠭᠤᠯᠠᠶ᠎ᠠ︾᠂︽ᠳᠤᠮᠳᠠᠳᠤ ᠶᠢᠨ ᠵᠡᠭᠦᠳᠦ︾ᠭᠡᠬᠦ ᠬᠥᠭᠵᠢᠮ ᠤᠨ ᠠᠶ᠎ᠠ ᠶᠢ ᠳᠠᠭᠠᠯᠳᠤᠭᠤᠯᠤᠨ᠂

ᠪᠥᠵᠢᠭᠴᠢᠳ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠪᠠᠷ ᠪᠢᠯᠬᠠᠮ᠎ᠠ᠂ ᠭᠤᠶᠢᠳᠠ ᠰᠠᠶᠢᠬᠠᠨ ᠪᠥᠵᠢᠭ ᠤᠨ ᠳᠦᠷᠢ᠂

ᠠᠩᠬᠠᠷᠤᠯ ᠢᠶᠠᠨ ᠲᠥᠪᠯᠡᠷᠡᠭᠦᠯᠦᠭᠰᠡᠨ ᠲᠣᠭᠯᠠᠯᠲᠠ᠂ ᠭᠡᠷᠡᠯ ᠰᠠᠴᠤᠷᠠᠩᠭᠤᠢ ᠢᠨᠢᠶᠡᠳᠦ ᠪᠠ ᠰᠣᠨᠣᠰᠪᠤᠷᠢᠲᠠᠢ

ᠬᠥᠭᠵᠢᠮ ᠤᠨ ᠠᠶ᠎ᠠ ᠣᠷᠭᠢᠯᠤᠨ ᠪᠠᠳᠠᠷᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ᠂ ᠵᠡᠮᠳᠡᠭᠴᠦᠳ ᠲᠤ

ᠲᠤᠶᠢᠯ ᠤᠨ ᠭᠤᠶᠤ ᠰᠠᠶᠢᠬᠠᠨ ᠦᠵᠡᠵᠦ ᠰᠣᠨᠣᠰᠬᠤ ᠦᠪᠡᠳᠡᠭᠰᠢ ᠨᠠᠶᠢᠷ ᠢ ᠠᠪᠴᠢᠷᠠᠯ᠎ᠠ᠃

      ᠠᠵᠢᠯᠯᠠᠭ᠎ᠠ ᠪᠠᠷ ᠳᠠᠮᠵᠢᠭᠤᠯᠤᠨ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠨᠡᠩ ᠰᠠᠶᠢᠲᠤᠷ

ᠤᠯᠠᠮᠵᠢᠯᠠᠨ ᠪᠠᠳᠠᠷᠠᠭᠤᠯᠵᠤ᠂ ᠬᠠᠷᠢᠶ᠎ᠠ ᠣᠷᠣᠨ ᠤ ᠪᠠᠨ ᠵᠡᠮᠳᠡᠭᠴᠦᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ

ᠲᠠᠰᠤᠷᠠᠯᠳᠠ ᠦᠭᠡᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠵᠡᠮᠳᠡᠭᠴᠦᠳ ᠤᠨ ᠠᠮᠢᠳᠤᠷᠠᠯ ᠢᠶᠠᠨ ᠬᠠᠶᠢᠷᠠᠯᠠᠬᠤ

ᠢᠲᠡᠭᠡᠯ ᠵᠣᠷᠢᠭ ᠪᠠ ᠬᠥᠳᠡᠯᠭᠡᠭᠦ ᠬᠦᠴᠦᠨ ᠢ ᠨᠡᠮᠡᠭᠳᠡᠭᠦᠯᠦᠨ᠂ ᠵᠡᠮᠳᠡᠭᠴᠦᠳ ᠤᠨ ᠡᠷᠡᠭᠦᠯ ᠴᠢᠭᠢᠷᠠᠭ ᠠᠭᠤᠰᠤᠯᠴᠠᠭᠰᠠᠨ

ᠭᠦᠨ ᠵᠤᠵᠠᠭᠠᠨ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠣᠯᠭᠠᠪᠠ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号