ᠨᠡᠶᠢᠭᠡᠮ ᠲᠣᠭᠤᠷᠢᠭ ᠤᠨ ᠬᠢᠨ ᠨᠡᠶᠢᠲᠡ ᠶᠢᠨ ᠠᠰᠠᠷᠠᠮᠵᠢ ᠶᠢᠨ ᠦᠰᠦ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2022/8/19
       ᠬᠠᠷᠢᠶᠠᠲᠤ ᠣᠷᠣᠨ ᠤ ᠥᠨᠳᠥᠷ ᠨᠠᠰᠤᠲᠠᠢ ᠨᠠᠰᠤᠲᠠᠨ᠂ ᠣᠨᠴᠠᠭᠠᠶ ᠭᠡᠷ ᠪᠦᠯᠢ ᠳᠤ ᠨᠠᠩ ᠳᠣᠲᠣᠨᠣ ᠦᠢᠯᠡᠴᠢᠯᠡᠭᠡ ᠬᠠᠩᠭᠠᠬᠤ ᠶᠢᠨ ᠲᠥᠯᠥᠭᠡ᠂ 8 ᠰᠠᠷ᠎ᠠ ᠶᠢᠨ 11 ᠤ ᠡᠳᠦᠷ ᠨᠡᠶᠢᠭᠡᠮ ᠲᠣᠭᠤᠷᠢᠭ ᠤᠨ ᠬᠢᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠬᠠᠷᠢᠶᠠᠲᠤ ᠣᠷᠣᠨ ᠳᠤ ᠨᠠᠰᠤᠲᠠᠶᠢᠴᠤᠳ᠂ ᠵᠡᠮᠳᠡᠭᠴᠦᠳ ᠤᠨ ᠬᠠᠶᠢᠷ᠎ᠠ ᠬᠠᠯᠠᠮᠵᠢ ᠳᠤ ᠰᠦᠢᠳᠬᠡᠯ ᠬᠤᠷᠢᠶᠠᠬᠤ ᠦᠭᠡᠢ ᠪᠠᠷ ᠦᠰᠦ ᠵᠠᠰᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ᠃         ᠠᠵᠢᠯᠯᠠᠭ᠎ᠠ ᠶᠢᠨ ᠲᠤᠬᠠᠢ ᠶᠢᠨ ᠡᠳᠦᠷ᠂ ᠦᠰᠦ ᠵᠠᠰᠠᠭᠤᠯᠬᠤ ᠪᠠᠷ ᠢᠷᠡᠭᠰᠡᠨ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠠᠵᠢᠯᠲᠠᠨ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠵᠢᠯᠣᠭᠤᠳᠤᠯᠭ᠎ᠠ ᠳᠣᠣᠷ᠎ᠠ ᠪᠡᠶ᠎ᠡ ᠶᠢᠨ ᠳᠤᠯᠠᠭᠠᠨ ᠢᠶᠠᠨ ᠬᠡᠮᠵᠢᠵᠦ᠂ ᠡᠷᠡᠭᠦᠯ ᠮᠡᠨᠳᠦ ᠶᠢᠨ ᠨᠣᠮᠧᠷ ᠢᠶᠠᠨ ᠭᠠᠷᠭᠠᠨ ᠦᠵᠡᠭᠦᠯᠵᠦ᠂ ᠲᠠᠯᠠᠪᠤᠷ ᠭᠠᠵᠠᠷ ᠤᠨ ᠨᠣᠮᠧᠷ ᠢᠶᠠᠨ ᠲᠡᠮᠳᠡᠭᠯᠡᠬᠦ ᠶᠢᠨ ᠬᠠᠮᠲᠤ ᠡᠮᠬᠢ ᠵᠢᠷᠤᠮ ᠲᠠᠢ ᠪᠠᠷ ᠮᠥᠷᠯᠡᠵᠦ᠂ ᠲᠠᠰ ᠳᠠᠷᠠᠭᠠᠯᠠᠨ ᠦᠰᠦ ᠵᠠᠰᠠᠭᠤᠯᠪᠠ᠃ᠦᠰᠦ ᠵᠠᠰᠠᠭᠰᠠᠨ ᠤ ᠳᠠᠷᠠᠭ᠎ᠠ᠂ ᠰᠠᠭᠤᠭᠠᠯᠢ ᠠᠷᠠᠳ ᠥᠪᠡᠷ ᠤᠨ ᠰᠢᠨ᠎ᠡ ᠭᠡᠵᠢᠭᠡᠨ ᠤ ᠬᠡᠯᠪᠡᠷᠢ ᠪᠠᠨ ᠣᠯᠵᠤ ᠦᠵᠡᠭᠡᠳ᠂ ᠦᠰᠦ ᠵᠠᠰᠠᠭᠴᠢ ᠶᠢᠨ ︽ᠭᠠᠷ ᠤᠷᠠᠯᠠᠯ ᠰᠠᠶᠢᠨ︾ ᠬᠡᠮᠡᠨ ᠮᠠᠭᠲᠠᠨ ᠰᠠᠶᠢᠰᠢᠶᠠᠵᠤ᠂ ᠨᠡᠶᠢᠭᠡᠮ ᠲᠣᠭᠤᠷᠢᠭ ᠤᠨ ᠠᠵᠢᠯᠲᠠᠳ ᠤᠨ ᠬᠠᠯᠠᠭᠤᠨ ᠳᠣᠲᠣᠨᠣ ᠦᠢᠯᠡᠴᠢᠯᠡᠭᠡ ᠳᠤ ᠲᠠᠯᠠᠷᠬᠠᠨ᠂ ᠰᠡᠳᠬᠢᠯ ᠳᠣᠭᠳᠣᠯᠤᠭᠰᠠᠨ ᠮᠥᠷᠲᠡᠭᠡᠨ ᠳᠤᠯᠠᠭᠠᠬᠠᠨ ᠪᠠᠶᠢᠯ᠎ᠠ ᠂ᠨᠡᠶᠢᠭᠡᠮ ᠲᠣᠭᠤᠷᠢᠭ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠵᠡᠢ᠃
C:\Users\Administrator\Desktop\1660287431969053298.png       ᠲᠣᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠦᠰᠦ ᠵᠠᠰᠠᠬᠤ ᠠᠵᠢᠯᠯᠠᠭ᠎ᠠ ᠨᠢ ᠪᠣᠳᠠᠲᠤ ᠪᠠᠶᠢᠳᠠᠯ ᠳᠤ
ᠣᠶᠢᠷᠠᠳᠴᠤ᠂ ᠠᠮᠢᠳᠤᠷᠠᠯ ᠳᠤ ᠣᠶᠢᠷᠠᠳᠴᠤ᠂ ᠣᠯᠠᠨ ᠲᠦᠮᠡᠨ ᠳᠤ ᠣᠶᠢᠷᠠᠳᠴᠤ᠂ ᠬᠠᠷᠢᠶᠠᠲᠤ ᠣᠷᠣᠨ ᠤ ᠰᠠᠭᠤᠭᠠᠯᠢ ᠠᠷᠠᠳ᠂ ᠢᠯᠠᠩᠭᠤᠶ᠎ᠠ ᠭᠠᠭᠴᠠᠭᠠᠷ ᠰᠠᠭᠤᠭ᠎ᠠ ᠨᠠᠰᠤᠲᠠᠨ᠂ ᠥᠨᠳᠥᠷ ᠨᠠᠰᠤᠲᠠᠢ ᠨᠠᠰᠤᠲᠠᠨ᠂ ᠵᠡᠮᠳᠡᠭ ᠬᠥᠮᠥᠰ ᠤᠨ ᠦᠰᠦ ᠵᠠᠰᠠᠬᠤ ᠬᠡᠷᠡᠭᠴᠡᠭᠡ ᠳᠤ ᠨᠠᠩ ᠲᠥᠬᠦᠮ ᠦᠵᠡᠭᠦᠯᠦᠭᠰᠡᠨ ᠪᠠᠶᠢᠨ᠎ᠠ᠃       ᠰᠢᠨ ᠸᠠᠩ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠯᠢ ᠴᠢᠶᠣᠤ ᠮᠧᠶ ᠨᠥᠬᠦᠷ ᠢᠯᠡᠷᠬᠡᠶᠢᠯᠡᠬᠦ ᠳᠡᠭᠡᠨ᠂ ᠨᠡᠶᠢᠭᠡᠮ ᠲᠣᠭᠤᠷᠢᠭ ᠤᠨ ᠬᠢᠨ ᠨᠡᠶᠢᠲᠡ ᠶᠢᠨ ᠠᠰᠠᠷᠠᠮᠵᠢ ᠶᠢᠨ ᠦᠰᠦ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡ  ᠶᠢ ᠦᠷᠭᠦᠯᠵᠢᠯᠡᠨ ᠥᠷᠨᠢᠭᠦᠯᠵᠦ᠂ ᠰᠠᠶᠢᠨ ᠳᠤᠷ᠎ᠠ ᠶᠢᠨ ᠠᠵᠢᠯᠯᠠᠭᠰᠠᠳ ᠢ ᠵᠣᠬᠢᠶᠠᠨ ᠪᠠᠶᠢᠭᠤᠯᠵᠤ ᠰᠢᠨ ᠸᠠᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠰᠠᠭᠤᠭᠠᠯᠢ ᠠᠷᠠᠳ ᠲᠤ ᠦᠢᠯᠡᠴᠢᠯᠡᠭᠡ ᠬᠠᠩᠭᠠᠬᠤ ᠶᠢᠨ ᠬᠠᠮᠲᠤ᠂ ᠨᠡᠶᠢᠭᠡᠮ ᠲᠣᠭᠤᠷᠢᠭ ᠤᠨ ᠬᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠭᠡᠷ ᠲᠤᠨᠢ ᠬᠦᠷᠴᠦ ᠦᠢᠯᠡᠴᠢᠯᠡᠭᠡ ᠬᠠᠩᠭᠠᠵᠤ᠂ ᠬᠠᠷᠢᠶ᠎ᠠ ᠲᠣᠭᠤᠷᠢᠭ ᠤᠨ ᠨᠠᠰᠤᠲᠠᠶᠢᠴᠤᠳ ᠤᠨ ᠦᠰᠦ ᠵᠠᠰᠠᠬᠤ ᠬᠡᠷᠡᠭᠴᠡᠭᠡ ᠶᠢ ᠰᠢᠢᠳᠪᠦᠷᠢᠯᠡᠬᠦ ᠶᠢᠨ ᠬᠠᠮᠲᠤ ᠰᠠᠭᠤᠭᠠᠯᠢ ᠠᠷᠠᠳ ᠤᠨ ᠰᠠᠨᠠᠯ ᠢ ᠦᠷᠭᠦᠯᠵᠢᠯᠡᠨ ᠰᠣᠨᠣᠰᠬᠤ ᠶᠢᠨ ᠬᠠᠮᠲᠤ ᠳᠠᠰᠤᠷᠠᠯᠳᠠ ᠦᠭᠡᠢ ᠬᠠᠯᠠᠨ ᠰᠠᠶᠢᠵᠢᠷᠠᠭᠤᠯᠵᠤ᠂ ᠨᠠᠰᠤᠲᠠᠶᠢᠴᠤᠳ ᠲᠤ ᠤᠷᠳᠤ ᠬᠤᠭᠤᠴᠠᠭᠠᠨ ᠤ᠂ ᠳᠦᠷᠢᠮᠵᠢᠭᠰᠡᠨ᠂ ᠴᠢᠨᠠᠷᠵᠢᠭᠰᠠᠨ ᠦᠢᠯᠡᠴᠢᠯᠡᠭᠡ ᠶᠢ ᠨᠡᠩ ᠰᠠᠶᠢᠨ ᠬᠠᠩᠭᠠᠨ᠎ᠠ᠃
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号