ᠰᠢᠭᠤᠶᠢᠲᠤ ᠵᠡᠭᠡᠯᠢ ᠭᠤᠳᠤᠮᠵᠢ ᠲᠣᠭᠤᠷᠢᠭ ᠤᠨ ᠨᠠᠮ ᠤᠨ ᠬᠤᠷᠢᠶᠠᠨ ᠤ ᠬᠤᠶᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠴᠠᠭᠳᠠᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/19
       ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠨᠢᠭᠡᠳᠦᠯᠲᠡᠢ ᠲᠣᠬᠢᠷᠠᠭᠤᠯᠤᠯᠲᠠ ᠶᠢ ᠦᠨᠳᠦᠰᠦᠯᠡᠨ᠂ ᠣᠶᠢᠷ᠎ᠠ ᠳᠤ᠂ ᠲᠣᠭᠤᠷᠢᠭ ᠤᠨ ᠨᠠᠮ ᠤᠨ ᠬᠤᠷᠢᠶᠠᠨ ᠤ ᠬᠤᠶᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠳᠤ ᠴᠠᠭᠳᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠃ᠲᠣᠭᠤᠷᠢᠭ ᠤᠨ ᠨᠠᠮ ᠤᠨ ᠬᠤᠷᠢᠶ᠎ᠠ ᠶᠢᠨ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠰᠦᠨ ᠫᠢᠩ ᠫᠢᠩ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠲᠤᠰᠬᠠᠯ ᠬᠢᠵᠦ᠂ ᠱᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠬᠠᠰ ᠨᠥᠬᠦᠷ ᠬᠤᠷᠠᠯ ᠳᠡᠭᠡᠷ᠎ᠡ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃       ᠰᠦᠨ ᠫᠢᠩ ᠫᠢᠩ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠢᠯᠡᠷᠡᠭᠦᠯᠦᠭᠰᠡᠨ ᠭᠤᠣᠯ ᠠᠰᠠᠭᠤᠳᠠᠯ ᠢ ᠬᠠᠷᠢᠭᠤ ᠲᠤᠰᠬᠠᠬᠤ ᠶᠢᠨ ᠬᠠᠮᠲᠤ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠵᠢᠴᠢ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ᠂ ᠲᠥᠪ ᠪᠤᠰᠤ ᠰᠤᠷᠲᠠᠯ ᠢ ᠴᠡᠭᠴᠡᠯᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠬᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠪᠣᠯᠣᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠬᠦ ᠵᠡᠷᠭᠡ ᠲᠠᠯ᠎ᠠ ᠪᠠᠷ ᠨᠡᠶᠢᠳᠡ 33 ᠣᠷᠣᠰᠢᠵᠤ ᠪᠠᠶᠢᠭ᠎ᠠ ᠠᠰᠠᠭᠤᠳᠠᠯ ᠢ ᠳᠤᠷᠠᠳᠴᠠᠢ᠃ᠡᠭᠦᠨ ᠤ ᠬᠠᠮᠲᠤ᠂ ᠣᠪᠣᠷ ᠢᠶᠠᠨ ᠲᠥᠪ ᠪᠣᠯᠭᠠᠬᠤ ᠠᠴᠠ ᠲᠠᠨᠢᠯᠲᠠ ᠪᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠬᠤ ᠬᠡᠷᠡᠭᠲᠡᠢ︔ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠬᠤ ᠪᠠ ᠠᠭᠤᠳᠠᠯᠵᠤ᠂ ᠣᠯᠠᠨ ᠲᠦᠮᠡᠨ ᠳᠤ ᠦᠢᠯᠡᠴᠢᠯᠡᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠬᠠᠷᠢᠶᠠᠲᠤ ᠣᠷᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠣᠯᠠᠨ ᠡᠰᠢᠵᠢᠭᠰᠡᠨ ᠲᠠᠰ ᠳᠡᠪᠰᠢᠬᠦ ᠶᠢ ᠠᠬᠢᠭᠤᠯᠤᠨ᠎ᠠ︔ᠰᠤᠷᠲᠠᠯ ᠢᠶᠠᠨ ᠬᠤᠪᠢᠷᠠᠭᠤᠯᠵᠤ᠂ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠵᠢᠴᠢ ᠦᠵᠡᠯ ᠤᠬᠠᠮᠰᠠᠷ ᠤᠨ ᠬᠡᠯᠪᠡᠷᠢ ᠵᠡᠷᠭᠡ ᠡᠯ᠎ᠡ ᠵᠦᠢᠯ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠤᠳᠤᠷᠢᠳᠬᠤ ᠺᠠᠳ᠋ᠷᠴᠤᠳ ᠤᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠢ ᠰᠠᠶᠢᠲᠤᠷ ᠵᠠᠰᠠᠬᠤ᠂ ᠤᠯᠠᠨ ᠲᠦᠮᠡᠨ ᠤ ᠠᠰᠢᠭ ᠲᠤᠰᠠ ᠶᠢ ᠰᠠᠶᠢᠲᠤᠷ ᠬᠠᠮᠠᠭᠠᠯᠠᠬᠤ ᠵᠡᠷᠭᠡ ᠲᠠᠯ᠎ᠠ ᠪᠠᠷ 5 ᠵᠤᠷᠪᠤᠰ ᠰᠠᠨᠠᠭᠤᠯᠭ᠎ᠠ ᠳᠤᠷᠠᠳᠪᠠ᠃     ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠬᠠᠰ ᠣᠪᠣᠷ ᠢᠶᠠᠨ ᠢᠯᠡᠳᠬᠡᠬᠦ ᠦᠭᠡ ᠬᠡᠯᠡᠪᠡ᠃ᠲᠡᠷᠡ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠲᠣᠭᠤᠷᠢᠨ ᠪᠠᠶᠢᠴᠠᠭᠠᠯᠲᠠ ᠪᠣᠯ ᠱᠢ ᠭᠤᠸᠠᠢ ᠵᠡᠭᠡᠯᠢ ᠭᠤᠳᠤᠮᠵᠢ ᠮᠥᠨ᠂ ᠨᠡᠶᠢᠭᠡᠮ ᠲᠣᠭᠤᠷᠢᠭ ᠤᠨ ᠪᠥᠬᠦ ᠺᠠᠳ᠋ᠷᠴᠤᠳ ᠤᠨ ᠨᠠᠷᠢᠨ ᠬᠢᠨᠠᠮᠠᠭᠠᠢ ᠳ᠋ᠦᠩᠨᠡᠵᠦ᠂ ᠰᠤᠷᠤᠯᠴᠠᠨ ᠰᠡᠳᠬᠢᠵᠦ᠂ ᠠᠵᠢᠯ ᠢᠶᠠᠨ ᠰᠠᠶᠢᠵᠢᠷᠠᠭᠤᠯᠬᠤ ᠴᠢᠬᠤᠯᠠ ᠠᠵᠠ ᠲᠣᠬᠢᠶᠠᠯ ᠪᠣᠯᠬᠤ ᠶᠢ ᠬᠦᠰᠡᠵᠦ ᠪᠠᠶᠢᠨ᠎ᠠ ᠭᠡᠵᠡᠢ᠃ᠨᠢᠭᠡ ᠳᠤ ᠲᠠᠨᠢᠯᠲᠠ ᠪᠠᠨ ᠭᠦᠨᠵᠡᠭᠡᠶᠢᠷᠡᠭᠦᠯᠵᠦ᠂ ᠵᠥᠪ ᠢᠶᠠᠷ ᠬᠠᠨᠳᠤᠬᠤ ᠬᠡᠷᠡᠭᠲᠡᠢ᠃ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠢ ᠦᠨᠡᠨᠬᠦ ᠴᠢᠩᠭᠠᠳᠬᠠᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠨᠢᠭᠡᠳ ᠨᠢᠭᠡ ᠪᠠᠷ ᠪᠦᠬᠦᠨ ᠢ ᠬᠤᠷᠢᠶᠠᠨ ᠠᠪᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠨᠠᠷᠢᠨ ᠨᠢᠭᠲᠠ ᠲᠥᠰᠥᠯ ᠢ ᠲᠣᠭᠲᠠᠭᠠᠨ᠎ᠠ᠃ᠬᠤᠶᠠᠷ ᠲᠤ᠂ ᠣᠪᠣᠷ ᠢᠶᠠᠨ ᠲᠥᠪ ᠪᠣᠯᠭᠠᠵᠤ᠂ ᠪᠦᠬᠦ ᠬᠦᠴᠦᠨ ᠢᠶᠠᠷ ᠢᠶᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ᠨᠢᠭᠡᠨᠲᠡ ᠴᠡᠭᠴᠡᠯᠡᠨ ᠥᠭᠡᠷᠡᠴᠢᠯᠡᠵᠦ ᠳᠠᠭᠤᠰᠬᠠᠭᠰᠠᠨ ᠤᠴᠢᠷ ᠶᠠᠪᠤᠳᠠᠯ  ᠢ ᠥᠭᠡᠷᠡᠴᠢᠯᠡᠭᠰᠡᠨ ᠤ ᠳᠠᠷᠠᠭ᠎ᠠ ᠳᠠᠬᠢᠨ ᠶᠠᠯ᠎ᠠ ᠬᠢᠵᠦ ᠪᠣᠯᠬᠤ ᠦᠭᠡᠢ᠃ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠬᠠᠭᠤᠴᠢᠨ ᠵᠠᠮ ᠢᠶᠠᠷ ᠢᠶᠠᠨ ᠳᠠᠬᠢᠨ ᠶᠠᠪᠤᠬᠤ ᠠᠴᠠ ᠵᠠᠶᠢᠯᠠᠰᠬᠢᠨ᠎ᠡ᠃ᠶᠠᠭ ᠴᠡᠭᠴᠡᠯᠡᠨ ᠥᠭᠡᠷᠡᠴᠢᠯᠡᠵᠦ ᠪᠠᠶᠢᠭ᠎ᠠ ᠬᠡᠷᠡᠭ ᠶᠠᠪᠤᠳᠠᠯ ᠳᠤ ᠪᠣᠳᠠᠲᠠᠢ  ᠠᠴᠠ ᠵᠠᠶᠢᠯᠠᠵᠤ ᠬᠡᠶᠢᠰᠪᠦᠷᠢ ᠵᠦᠢᠯ  ᠢ ᠡᠷᠢᠬᠦ ᠦᠭᠡᠢ ᠪᠠᠶᠢᠬᠤ ᠬᠡᠷᠡᠭᠲᠡᠢ᠃ᠬᠠᠷᠢᠭᠤ ᠲᠤᠰᠬᠠᠬᠤ ᠶᠢ ᠪᠠᠲᠤᠯᠠᠬᠤ ᠪᠠᠶᠢᠳᠠᠯ ᠪᠦᠬᠦᠨ ᠢᠶᠠᠷ ᠢᠶᠠᠨ ᠨᠠᠶᠢᠳᠠᠪᠤᠷᠢᠲᠠᠢ᠂ ᠶᠠᠪᠤᠳᠠᠯ ᠪᠦᠬᠦᠨ ᠳᠤ ᠬᠠᠷᠢᠭᠤ ᠥᠭᠬᠦ ᠶᠢ ᠪᠠᠲᠤᠯᠠᠨ᠎ᠠ᠃ᠳᠦᠷᠢᠮ ᠲᠣᠭᠲᠠᠭᠠᠯ ᠲᠣᠭᠲᠠᠭᠠᠵᠤ᠂ ᠳᠦᠷᠢᠮ ᠢᠶᠠᠷ ᠡᠷᠬᠡ ᠶᠢ ᠬᠠᠮᠢᠶᠠᠷᠬᠤ᠂ ᠬᠡᠷᠡᠭ ᠶᠠᠪᠤᠳᠠᠯ ᠢ ᠬᠠᠮᠢᠶᠠᠷᠬᠤ᠂ ᠬᠥᠮᠥᠨ ᠢ ᠬᠠᠮᠢᠶᠠᠷᠬᠤ᠂ ᠪᠣᠳᠠᠰ ᠢ ᠬᠠᠮᠢᠶᠠᠷᠬᠤ ᠶᠢ ᠪᠠᠷᠢᠮᠲᠠᠯᠠᠨ᠂ ᠵᠡᠭᠡᠯᠢ ᠭᠤᠳᠤᠮᠵᠢ ᠶᠢᠨ ᠠᠵᠢᠯ ᠤᠨ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠵᠤ᠂ ᠠᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠨ᠎ᠡ᠃ᠭᠤᠷᠪᠠ ᠳᠤ᠂ ᠠᠷᠢᠭᠤᠨ ᠴᠢᠬᠡᠴᠢ ᠪᠠᠶᠢᠵᠤ᠂ ᠪᠦᠬᠦ ᠰᠡᠳᠬᠢᠯ ᠢᠶᠠᠷ ᠢᠶᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠪᠣᠳᠠᠲᠠᠢ ᠪᠠᠷ ᠠᠳᠬᠤᠬᠤ ᠶᠢ ᠪᠠᠷᠢᠮᠲᠠᠯᠠᠵᠤ᠂ ︽ᠬᠤᠶᠠᠷ ᠬᠠᠷᠢᠭᠤᠴᠠᠯᠭ᠎ᠠ︾ ᠶᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠭᠠᠨ ᠨᠠᠶᠢᠳᠠᠪᠤᠷᠢᠵᠢᠭᠤᠯᠵᠤ᠂ ᠱᠠᠲᠤ ᠱᠠᠲᠤ ᠪᠠᠷ ᠬᠠᠷᠢᠭᠤᠴᠠᠯᠭ᠎ᠠ ᠶᠢ ᠳᠠᠮᠵᠢᠭᠤᠯᠵᠤ᠂ ᠱᠠᠲᠤ ᠱᠠᠲᠤ ᠪᠠᠷ ᠳᠠᠷᠤᠯᠲᠠ ᠶᠢ ᠳᠠᠮᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠡᠷᠭᠡ ᠵᠡᠭᠡᠯᠢ ᠭᠤᠳᠤᠮᠵᠢ ᠶᠢᠨ ᠡᠯ᠎ᠡ ᠵᠦᠢᠯ ᠤᠨ ᠠᠵᠢᠯ ᠢ ᠴᠢᠩᠭ᠎ᠠ ᠪᠥᠭᠡᠳ ᠪᠣᠳᠠᠲᠠᠢ ᠪᠠᠷ ᠴᠢᠩᠭ᠎ᠠ ᠠᠳᠬᠤᠵᠤ ᠰᠠᠶᠢᠲᠤᠷ ᠠᠳᠬᠤᠨ᠎ᠠ᠃
C:\Users\Administrator\Desktop\1660733251283096487.png
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号