ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠤᠨ ᠬᠠᠮᠲᠤᠷᠠᠭᠰᠠᠨ ᠲᠣᠮᠢᠯᠠᠭᠰᠠᠨ ᠰᠠᠯᠪᠤᠷᠢ ᠨᠠᠰᠤᠵᠢᠯ ᠤᠨ ᠮᠡᠬᠡᠯᠡᠯ ᠢ ᠰᠡᠷᠭᠡᠶᠢᠯᠡᠬᠦ᠂ ᠬᠤᠣᠷ ᠴᠠᠭᠠᠵᠠᠯᠠᠬᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠡᠰᠡᠷᠭᠦᠴᠡᠬᠦ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/30
      ᠬᠠᠷᠢᠶᠠᠲᠤ ᠣᠷᠣᠨ ᠤ ᠣᠯᠠᠨ ᠲᠦᠮᠡᠨ ᠤ ᠨᠡᠶᠢᠭᠡᠮ ᠤᠨ ᠠᠮᠤᠷ ᠲᠣᠭᠲᠠᠭᠤᠨ ᠢ ᠦᠨᠡᠨᠬᠦ ᠬᠠᠮᠠᠭᠠᠯᠠᠬᠤ ᠶᠢᠨ ᠲᠥᠯᠥᠭᠡ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠨᠠᠰᠤᠵᠢᠯ ᠤᠨ ᠮᠡᠬᠡᠯᠡᠯ᠂ ᠴᠠᠬᠢᠯᠭᠠᠨ ᠬᠤᠯᠪᠣᠭ᠎ᠠ ᠪᠠᠷ ᠮᠡᠬᠡᠯᠡᠯ ᠬᠢᠬᠦ ᠪᠠ ᠬᠤᠣᠷᠲᠤ ᠡᠳ᠋ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠶᠢ ᠤᠯᠠᠮ ᠨᠢᠭᠡ ᠠᠯᠬᠤᠮ ᠰᠡᠷᠭᠡᠶᠢᠯᠡᠨ᠂ ᠥᠷᠭᠡᠨ ᠣᠯᠠᠨ ᠲᠦᠮᠡᠨ ᠤ ᠬᠤᠣᠷ ᠴᠠᠭᠠᠵᠠᠯᠠᠬᠤ ᠬᠤᠣᠷ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ 8 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠱᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠤᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠨᠠᠰᠤᠵᠢᠯ ᠤᠨ ᠮᠡᠬᠡᠯᠡᠯ᠂ ᠬᠤᠣᠷ ᠴᠠᠭᠠᠵᠠᠯᠠᠬᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠡᠰᠡᠷᠭᠦᠴᠡᠬᠦ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
C:\Users\Administrator\Desktop\1660733251283096487.png      ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠪᠣᠯᠣᠨ
ᠨᠡᠶᠢᠭᠡᠮ ᠲᠣᠭᠤᠷᠢᠭ ᠤᠨ ᠠᠵᠢᠯᠲᠠᠳ ᠨᠠᠰᠤᠵᠢᠯ ᠤᠨ ᠮᠡᠬᠡᠯᠡᠯ ᠤᠨ ᠶᠠᠯᠠᠲᠤ ᠠᠵᠢᠯᠯᠠᠭ᠎ᠠ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠮᠢᠶ᠎ᠠ ᠪᠦᠬᠦᠢ ᠠᠭᠤᠯᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ  ᠲᠠᠢ ᠤᠶᠠᠯᠳᠤᠭᠤᠯᠤᠨ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠᠷ ᠳᠠᠮᠵᠢᠭᠤᠯᠤᠨ᠂ ᠦᠨᠡᠨ ᠪᠣᠳᠠᠲᠤ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠨᠢᠭᠤᠷᠲᠠᠨ ᠤᠬᠠᠭᠤᠯᠵᠤ᠂ ᠣᠯᠠᠨ ᠲᠦᠮᠡᠨ ᠳᠤ ᠬᠤᠣᠷᠲᠤ ᠡᠳ᠋ ᠤᠨ ᠲᠥᠷᠥᠯ ᠵᠦᠢᠯ ᠢ ᠲᠠᠶᠢᠯᠪᠤᠷᠢᠯᠠᠨ ᠥᠭᠴᠦ᠂ ᠬᠤᠣᠷᠲᠤ ᠡᠳ᠋ ᠤᠨ ᠭᠡᠷ ᠪᠦᠯᠢ ᠵᠢᠴᠢ ᠨᠡᠶᠢᠭᠡᠮ ᠳᠤ ᠤᠴᠠᠷᠠᠭᠤᠯᠬᠤ ᠬᠤᠣᠷ ᠬᠥᠨᠥᠭᠡᠯ᠂ ᠬᠡᠷᠬᠢᠨ ᠬᠤᠣᠷ ᠢ ᠰᠡᠷᠭᠡᠶᠢᠯᠡᠵᠦ ᠬᠤᠣᠷ ᠢ ᠡᠰᠡᠷᠭᠦᠴᠡᠬᠦ ᠠᠷᠭ᠎ᠠ ᠶᠢ ᠬᠡᠷᠡᠭᠯᠡᠬᠦ ᠪᠤᠢ? ᠵᠢᠴᠢ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ᠂ ᠨᠠᠰᠤᠵᠢᠯ ᠤᠨ ᠮᠡᠬᠡᠯᠡᠯ ᠤᠨ ᠲᠥᠷᠥᠯ ᠵᠦᠢᠯ ᠤᠨ ᠣᠨᠴᠠᠯᠢᠭ ᠪᠠ ᠬᠤᠣᠷ ᠬᠥᠨᠥᠭᠡᠯ᠂ ︽ᠣᠬᠤᠷ ᠮᠡᠳᠡᠭᠡ ᠶᠢ ᠰᠢᠯᠭᠠᠨ ᠪᠠᠲᠤᠯᠠᠬᠤ︾᠂ ︽QQ ᠮᠡᠬᠡᠯᠡᠯ︾᠂ ︽ᠲᠠᠸᠠᠷ ᠢ ᠣᠷᠣᠯᠠᠨ ᠳᠥᠯᠥᠬᠦ︾ ᠵᠡᠷᠭᠡ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠠᠷᠭ᠎ᠠ ᠪᠠᠷᠢᠯ ᠢ ᠭᠤᠣᠯᠳᠠᠯᠭ᠎ᠠ ᠲᠠᠢ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠳᠤ ᠳ᠋ᠢᠶᠠᠩᠬᠤᠸᠠ᠂ ᠣᠬᠤᠷ ᠮᠡᠳᠡᠭᠡ ᠶᠢᠨ ᠠᠭᠤᠯᠭ᠎ᠠ ᠶᠢ ᠠᠮᠠᠷᠬᠠᠨ ᠢᠲᠡᠭᠡᠵᠦ ᠪᠣᠯᠬᠤ ᠦᠭᠡᠢ᠂ ᠨᠠᠩ ᠴᠤ ᠬᠤᠪᠢ ᠬᠥᠮᠥᠨ ᠤ ᠮᠠᠲ᠋ᠧᠷᠢᠶᠠᠯ᠂ ᠪᠠᠩᠬᠢ ᠶᠢᠨ ᠺᠠᠷᠲ ᠵᠡᠷᠭᠡ ᠮᠡᠳᠡᠭᠡ ᠵᠠᠩᠭᠢ ᠪᠠᠨ ᠪᠤᠰᠤᠳ ᠲᠤ ᠮᠡᠳᠡᠭᠳᠡᠵᠦ ᠪᠣᠯᠬᠤ ᠦᠭᠡᠢ ᠭᠡᠵᠦ ᠰᠠᠨᠠᠭᠤᠯᠵᠤ᠂ ᠬᠠᠤᠯᠢ ᠪᠤᠰᠤ ᠡᠲᠡᠭᠡᠳ ᠲᠤ ᠮᠡᠬᠡᠯᠡᠭᠳᠡᠨ ᠮᠡᠬᠡᠯᠡᠭᠳᠡᠵᠦ᠂ ᠣᠯᠠᠨ ᠲᠦᠮᠡᠨ ᠳᠤ ᠬᠤᠣᠷ ᠬᠥᠨᠥᠭᠡᠯ ᠢ ᠨᠢ ᠣᠶᠢᠯᠠᠭᠠᠭᠤᠯᠬᠤ ᠶᠢ ᠰᠡᠷᠭᠡᠶᠢᠯᠡᠬᠦ ᠬᠡᠷᠡᠭᠲᠡᠢ᠃ᠢᠯᠠᠩᠭᠤᠶ᠎ᠠ ᠢᠳᠡᠷ ᠥᠲᠡᠯᠦᠭᠡ ᠨᠠᠰᠤᠨ ᠤ ᠬᠠᠮᠲᠤᠯᠢᠭ ᠲᠤ ᠴᠢᠭᠯᠡᠭᠦᠯᠦᠨ ᠬᠤᠣᠷᠲᠤ ᠡᠳ᠋ ᠤᠨ ᠡᠬᠡ ᠤᠷᠭᠤᠮᠠᠯ ᠢ ᠬᠠᠤᠯᠢ ᠪᠤᠰᠤ ᠪᠠᠷ ᠳᠠᠷᠢᠬᠤ ᠲᠠᠯ᠎ᠠ ᠪᠠᠷ ᠬᠢ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠵᠤ᠂ ᠣᠯᠠᠨ ᠲᠦᠮᠡᠨ ᠳᠤ ᠬᠤᠣᠷᠲᠤ ᠡᠳ᠋ ᠫᠠᠨᠽᠠᠯᠠᠭᠰᠠᠨ᠂ ᠬᠤᠣᠷᠲᠤ ᠡᠳ᠋ ᠵᠥᠭᠡᠭᠡᠪᠦᠷᠢᠯᠡᠭᠰᠡᠨ᠂ ᠬᠤᠣᠷᠲᠤ ᠡᠳ᠋ ᠲᠠᠲᠠᠭᠰᠠᠨ ᠵᠢᠴᠢ ᠬᠤᠣᠷᠲᠤ ᠡᠳ᠋ ᠤᠨ ᠡᠬᠡ ᠤᠷᠭᠤᠮᠠᠯ ᠢ ᠬᠠᠤᠯᠢ ᠪᠤᠰᠤ ᠪᠠᠷ ᠳᠠᠷᠢᠭᠰᠠᠨ ᠰᠦᠪᠡᠭᠴᠢ ᠶᠢ ᠣᠯᠵᠤ ᠮᠡᠳᠡᠪᠡᠯ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠮᠡᠳᠡᠭᠦᠯᠬᠦ ᠬᠡᠷᠡᠭᠲᠡᠢ ᠭᠡᠵᠦ ᠰᠡᠷᠡᠮᠵᠢᠯᠡᠭᠦᠯᠵᠡᠢ᠃
C:\Users\Administrator\Desktop\1661242774632092908.pngC:\Users\Administrator\Desktop\1661242767996035784.png       ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ᠂ ᠥᠷᠭᠡᠨ ᠣᠯᠠᠨ ᠲᠦᠮᠡᠨ ᠤ ᠴᠠᠬᠢᠯᠭᠠᠨ ᠬᠤᠯᠪᠣᠭᠠᠨ ᠤ
ᠮᠡᠬᠡᠯᠡᠯ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ᠂ ᠲᠤᠰ ᠪᠡᠶ᠎ᠡ ᠶᠢᠨ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢ ᠴᠠᠭ ᠢᠮᠠᠭᠲᠠ ᠰᠡᠷᠡᠮᠵᠢᠯᠡᠵᠦ᠂ ᠣᠯᠠᠨ ᠲᠦᠮᠡᠨ ᠤ ᠬᠤᠣᠷᠲᠤ ᠡᠳ᠋ ᠠᠴᠠ ᠬᠤᠯᠠᠳᠠᠬᠤ᠂ ᠠᠮᠢ ᠨᠠᠰᠤ ᠪᠠᠨ ᠨᠠᠨᠳᠢᠩᠨᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠳᠤ ᠠᠰᠢᠭᠲᠠᠢ ᠪᠠᠶᠢᠵᠤ᠂ ᠣᠯᠠᠨ ᠲᠦᠮᠡᠨ ᠤ ᠴᠠᠬᠢᠯᠭᠠᠨ ᠬᠤᠯᠪᠣᠭᠠᠨ ᠤ ᠮᠡᠬᠡᠯᠡᠯ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠳᠤ ᠣᠷᠤᠯᠴᠠᠬᠤ ᠢᠳᠡᠪᠬᠢᠵᠢᠯ ᠢ ᠴᠢᠩᠭᠠᠷᠠᠭᠤᠯᠤᠨ᠂ ᠮᠠᠰᠢ ᠰᠠᠶᠢᠨ ᠤᠬᠠᠭᠤᠯᠭ᠎ᠠ ᠶᠢᠨ ᠦᠷ᠎ᠡ ᠪᠦᠲᠦᠮᠵᠢ ᠭᠠᠷᠭᠠᠵᠤ᠂ ᠠᠮᠤᠷ ᠠᠮᠤᠭᠤᠯᠠᠩ ᠭᠡᠷ ᠣᠷᠣᠨ ᠢᠶᠠᠨ ᠬᠠᠮᠲᠤ ᠪᠠᠷ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
C:\Users\Administrator\Desktop\1661242774632092908.png
 
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号