8 ᠰᠠᠷ᠎ᠠ ᠶᠢᠨ 13 ᠤ ᠣᠷᠣᠢ ᠠᠴᠠ 14 ᠤ ᠡᠳᠦᠷ ᠪᠣᠯᠲᠠᠯ᠎ᠠ᠂ ᠮᠠᠨ ᠤ ᠲᠤᠭᠤᠷᠢᠭ ᠤᠨ | ᠦᠷᠭᠦᠯᠵᠢᠯᠡᠭᠰᠡᠨ ᠰᠢᠷᠦᠭᠦᠨ ᠪᠣᠷᠣᠭᠠᠨ ᠤ ᠳᠠᠭᠠᠷᠢᠯᠲᠠ ᠳᠤ ᠤᠴᠠᠷᠠᠵᠤ᠂ ᠪᠦᠬᠦ ᠣᠷᠣᠨ ᠪᠦᠰᠡ ᠪᠠᠷ ᠬᠢᠯᠢ ᠥᠩᠭᠡᠷᠡᠬᠦ | ᠵᠠᠮ ᠬᠦᠨᠳᠦ ᠨᠣᠴᠢᠲᠠᠢ ᠡᠪᠳᠡᠭᠳᠡᠵᠦ᠂ ᠵᠠᠮ ᠳᠠᠭᠠᠤ ᠶᠢᠨ ᠪᠡᠯ ᠤᠨ ᠬᠠᠮᠠᠭᠠᠯᠠᠯᠲᠠ ᠠᠳᠠᠯᠢ ᠪᠤᠰᠤ ᠬᠡᠮᠵᠢᠶ᠎ᠡ ᠪᠠᠷ | ᠨᠤᠷᠠᠵᠤ᠂ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ᠂ ᠠᠵᠤ ᠠᠬᠤᠶᠢᠯᠠᠯ ᠵᠢᠴᠢ ᠤᠯᠠᠨ ᠲᠦᠮᠡᠨ ᠤ ᠭᠡᠷ ᠪᠠᠶᠢᠰᠢᠩ᠂ | ᠲᠠᠷᠢᠶ᠎ᠠ ᠲᠥᠮᠥᠰᠥ᠂ ᠮᠠᠯ ᠰᠦᠷᠦᠭ ᠬᠤᠬᠢᠷᠠᠯ ᠳᠤ ᠤᠴᠠᠷᠠᠵᠤ᠂ ᠥᠷᠭᠡᠨ ᠤᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠪᠣᠯᠣᠨ ᠶᠠᠪᠤᠵᠤ ᠰᠠᠭᠤᠬᠤ ᠠᠮᠤᠷ ᠲᠦᠪᠰᠢᠨ ᠢ ᠬᠦᠨᠳᠦ ᠨᠣᠴᠢᠲᠠᠢ ᠨᠥᠯᠥᠭᠡᠯᠡᠪᠡ᠃ | ᠭᠠᠮᠰᠢᠭ ᠡᠭᠦᠰᠦᠭᠰᠡᠨ ᠤ ᠲᠠᠷᠠᠭ᠎ᠠ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠪᠦᠬᠦ ᠺᠠᠳ᠋ᠷ ᠠᠵᠢᠯᠲᠠᠨ ᠠᠵᠢᠯᠴᠢᠨ ᠢ ᠦᠳᠲᠡᠷ ᠲᠦᠷᠭᠡᠨ ᠢᠶᠠᠷ ᠵᠣᠬᠢᠶᠠᠨ ᠪᠠᠶᠢᠭᠤᠯᠤᠨ | ᠦᠶᠡᠷ ᠢ ᠰᠡᠷᠭᠡᠶᠢᠯᠡᠨ ᠦᠶᠡᠷ ᠲᠠᠢ ᠲᠡᠮᠡᠴᠡᠵᠦ ᠠᠶᠤᠯ ᠠᠴᠠ ᠠᠪᠤᠷᠠᠨ ᠭᠠᠮᠰᠢᠭ ᠠᠴᠠ ᠠᠪᠤᠷᠠᠵᠤ᠂ ᠭᠠᠮᠰᠢᠭ ᠠᠴᠠ | ᠪᠣᠯᠤᠭᠰᠠᠨ ᠬᠤᠬᠢᠷᠠᠯ ᠢ ᠠᠯᠢ ᠴᠢᠳᠠᠬᠤ ᠪᠠᠷ ᠪᠠᠭᠠᠰᠬᠠᠪᠠ᠃ᠭᠡᠪᠡᠴᠦ ᠡᠨᠡ ᠤᠳᠠᠭᠠᠨ ᠤ ᠭᠠᠮᠰᠢᠭ ᠤᠨ ᠬᠡᠮᠵᠢᠶ᠎ᠡ ᠨᠢ | ᠭᠦᠨ᠂ ᠭᠠᠮᠰᠢᠭᠳᠠᠭᠰᠠᠨ ᠬᠡᠪᠴᠢᠶ᠎ᠡ ᠨᠢ ᠥᠷᠭᠡᠨ ᠤᠴᠢᠷ ᠠᠴᠠ ᠣᠳᠣᠬᠠᠨ ᠳᠤ ᠭᠠᠮᠰᠢᠭᠳᠠᠭᠰᠠᠨ ᠣᠯᠠᠨ | ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠲᠠᠯ᠎ᠠ ᠪᠠᠷ ᠪᠠᠰᠠ ᠦᠯᠡᠮᠵᠢ ᠣᠯᠠᠨ ᠠᠵᠢᠯ ᠢ ᠴᠠᠭ ᠮᠥᠴᠡ ᠶᠢ | ᠠᠯᠳᠠᠯ ᠦᠭᠡᠢ ᠪᠠᠷ ᠬᠢᠬᠦ ᠬᠡᠷᠡᠭᠲᠡᠢ ᠪᠠᠶᠢᠨ᠎ᠠ᠃ | ᠠᠳᠡ᠂ ᠪᠢᠳᠡ᠄ ᠥᠷᠭᠡᠨ ᠤᠯᠠᠨ ᠭᠠᠮᠰᠢᠭᠳᠠᠭᠰᠠᠨ ᠤᠯᠠᠨ ᠲᠦᠮᠡᠨ ᠢᠮᠠᠭᠲᠠ ᠨᠠᠮ ᠢ ᠢᠲᠡᠭᠡᠵᠦ᠂ ᠵᠠᠰᠠᠭ ᠤᠨ | ᠣᠷᠳᠣᠨ ᠢ ᠢᠲᠡᠭᠡᠵᠦ᠂ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠭᠡᠷ | ᠣᠷᠣᠨ ᠢᠶᠠᠨ ᠲᠠᠬᠢᠨ ᠪᠠᠶᠢᠭᠤᠯᠬᠤ᠂ ᠦᠢᠯᠡᠳᠪᠦᠷᠢᠯᠡᠯ ᠠᠮᠢᠳᠤᠷᠠᠯ ᠢᠶᠠᠨ ᠰᠡᠷᠭᠦᠭᠡᠬᠦ ᠡᠯ᠎ᠡ ᠵᠦᠢᠯ ᠤᠨ ᠠᠵᠢᠯ ᠳᠤ | ᠢᠳᠡᠪᠬᠢᠲᠡᠢ ᠣᠷᠣᠯᠴᠠᠵᠤ᠂ ᠦᠢᠯᠡᠳᠪᠦᠷᠢᠯᠡᠯ ᠠᠮᠢᠳᠤᠷᠠᠯ ᠢᠶᠠᠨ ᠥᠪᠡᠷ ᠢ ᠪᠠᠨ ᠠᠪᠤᠷᠠᠬᠤ ᠠᠵᠢᠯ ᠢ ᠥᠷᠨᠢᠭᠦᠯᠬᠦ | ᠬᠡᠷᠡᠭᠲᠡᠢ ᠭᠡᠵᠦ ᠰᠠᠨᠠᠭᠠᠴᠢᠯᠠᠵᠤ ᠪᠠᠶᠢᠨ᠎ᠠ᠃ᠭᠡᠷ ᠪᠠᠶᠢᠰᠢᠩ ᠤᠨ ᠠᠷᠤ ᠥᠪᠥᠷ ᠲᠤ ᠣᠪᠣᠭᠠᠷᠠᠭᠰᠠᠨ ᠯᠠᠭ ᠰᠢᠪᠡᠷ᠂ | ᠪᠤᠵᠠᠷ ᠡᠪᠡᠰᠦ ᠶᠢ ᠰᠠᠨᠠᠭᠠᠴᠢᠯᠠᠭ᠎ᠠ ᠠᠴᠠ ᠪᠠᠨ ᠴᠡᠪᠡᠷᠯᠡᠵᠦ᠂ ᠤᠰᠤᠨ ᠳᠤ ᠡᠪᠳᠡᠭᠳᠡᠭᠰᠡᠨ ᠵᠠᠮ ᠢ ᠵᠠᠪᠳᠤᠨ ᠵᠠᠰᠠᠵᠤ | ᠰᠡᠯᠪᠢᠨ ᠵᠠᠰᠠᠬᠤ ᠳᠤ ᠣᠷᠣᠯᠴᠠᠵᠤ᠂ ᠯᠠᠭ ᠰᠢᠪᠠᠷ ᠢ ᠪᠥᠬᠦ ᠲᠠᠯ᠎ᠠ ᠪᠠᠷ ᠴᠡᠪᠡᠷᠯᠡᠵᠦ᠂ ᠪᠥᠭᠯᠡᠷᠡᠭᠰᠡᠨ ᠰᠤᠪᠠᠭ ᠢ | ᠨᠡᠪᠲᠡᠷᠡᠭᠦᠯᠦᠨ᠎ᠡ︔ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠵᠤ᠂ | ᠡᠷᠡᠭᠦᠯ ᠬᠠᠮᠠᠭᠠᠯᠠᠯ ᠤᠨ ᠴᠡᠪᠡᠷᠯᠡᠯᠲᠡ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠ ᠡᠭᠦᠰᠦᠮᠡᠯ ᠭᠠᠮᠰᠢᠭ | ᠡᠭᠦᠰᠬᠦ ᠶᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠬᠢᠨ᠎ᠡ᠃ᠡᠭᠦᠨ ᠤ ᠬᠠᠮᠲᠤ᠂ ᠥᠷᠭᠡᠨ ᠣᠯᠠᠨ ᠲᠦᠮᠡᠨ | ᠥᠪᠡᠷ ᠤᠨ ᠠᠮᠤᠷ ᠲᠦᠪᠰᠢᠨ ᠢᠶᠠᠨ ᠵᠠᠪᠠᠯ ᠠᠩᠬᠠᠷᠴᠤ᠂ ᠪᠣᠷᠣᠭᠠᠨ ᠤ ᠳᠠᠷᠠᠭ᠎ᠠ ᠠᠶᠤᠯ ᠲᠦᠭᠰᠢᠭᠦᠷᠢᠲᠡᠢ ᠭᠠᠵᠠᠷ | ᠣᠷᠣᠨ ᠳᠤ ᠣᠷᠳᠣ ᠬᠤᠭᠤᠴᠠᠭ᠎ᠠ ᠪᠠᠷ ᠰᠠᠭᠤᠵᠤ ᠪᠣᠯᠬᠤ ᠦᠭᠡᠢ᠂ ᠵᠢᠱᠢᠶᠡᠯᠡᠪᠡᠯ᠂ ᠨᠤᠷᠠᠬᠤ ᠠᠶᠤᠯᠲᠠᠢ ᠭᠡᠷ | ᠪᠠᠶᠢᠰᠢᠩ ᠤᠨ ᠬᠡᠷᠡᠮ ᠤᠨ ᠪᠤᠯᠤᠩ᠂ ᠭᠤᠣᠯ ᠤᠨ ᠵᠠᠮ ᠤᠨ ᠬᠠᠵᠠᠭᠤ ᠵᠡᠷᠭᠡ᠃ᠪᠠᠰᠠ ᠥᠷᠭᠡᠨ ᠣᠯᠠᠨ ᠲᠦᠮᠡᠨ | ᠠᠯᠪᠠᠨ ᠤ ᠲᠠᠯ᠎ᠠ ᠶᠢᠨ ᠨᠡᠶᠢᠲᠡᠯᠡᠭᠰᠡᠨ ᠦᠶᠡᠷ ᠤᠨ ᠪᠠᠶᠢᠳᠠᠯ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ | ᠲᠤᠬᠠᠢ ᠳᠤᠨᠢ ᠠᠩᠬᠠᠷᠴᠤ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ ᠪᠠᠶᠢᠵᠤ᠂ ᠡᠶᠡᠷᠭᠦ | ᠡᠨᠧᠷᠭᠢ ᠶᠢ ᠬᠠᠮᠲᠤ ᠪᠠᠷ ᠳᠠᠮᠵᠢᠭᠤᠯᠬᠤ ᠶᠢ ᠬᠦᠰᠡᠵᠦ ᠪᠠᠶᠢᠨ᠎ᠠ ᠭᠡᠵᠡᠢ᠃ | ᠤᠯᠠᠨ ᠤ ᠬᠦᠴᠦ ᠶᠡᠭᠡ ᠪᠠᠷ ᠨᠡᠮᠡᠭᠳᠡᠨ᠎ᠡ ᠭᠡᠳᠡᠭᠴᠢᠯᠡᠨ ᠤᠯᠠᠨ ᠤ ᠬᠦᠴᠦ ᠶᠡᠭᠡ ᠪᠠᠷ ᠨᠡᠮᠡᠭᠳᠡᠨ᠎ᠡ᠃ᠪᠢᠳᠡ | ᠢᠲᠡᠭᠡᠯ ᠵᠣᠷᠢᠭ ᠢᠶᠠᠨ ᠪᠠᠲᠤᠳᠬᠠᠨ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠴᠦ᠂ ᠬᠦᠴᠢᠷ ᠢ ᠰᠥᠷᠦᠨ | ᠤᠷᠤᠭᠰᠢᠯᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠳᠠᠭ ᠯᠠ ᠶᠤᠮ ᠪᠣᠯ ᠯᠠᠪᠳᠠᠶ᠎ᠠ ᠬᠦᠴᠢᠷ ᠪᠡᠷᠬᠡᠰᠢᠶᠡᠯ ᠢ | ᠢᠯᠠᠨ ᠳᠠᠪᠠᠵᠤ᠂ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠪᠦᠬᠦ ᠲᠠᠯ᠎ᠠ ᠶᠢᠨ ᠢᠯᠠᠯᠲᠠ ᠶᠢ ᠣᠯᠵᠤ ᠴᠢᠳᠠᠬᠤ | ᠶᠤᠮ᠃ | |