ᠰᠢᠭᠤᠶᠢᠲᠤ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠢᠮᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2022/8/30
       ᠬᠠᠷᠢᠶᠠᠲᠤ ᠣᠷᠣᠨ ᠤ ᠵᠡᠮᠳᠡᠭᠴᠦᠳ ᠲᠤ ᠨᠠᠩ ᠰᠠᠶᠢᠨ ᠦᠢᠯᠡᠴᠢᠯᠡᠬᠦ ᠶᠢᠨ ᠲᠤᠰᠠᠳᠠ᠂ ᠦᠨᠳᠦᠰᠦᠨ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ ᠤᠨ ᠨᠡᠶᠢᠭᠡᠮᠯᠢᠭ ᠤᠨ ᠡᠩᠨᠡᠭᠡ ᠶᠢ ᠰᠢᠯᠢᠳᠡᠭᠵᠢᠭᠦᠯᠦᠨ᠂ ᠵᠡᠮᠳᠡᠭᠴᠦᠳ ᠤᠨ ᠨᠡᠶᠢᠭᠡᠮᠯᠢᠭ ᠤᠨ ᠠᠵᠢᠯᠲᠠᠨ ᠤ ᠰᠣᠶᠣᠯ ᠤᠨ ᠬᠡᠪ 2022 ᠣᠨ ᠤ 8 ᠰᠠᠷ᠎ᠠ ᠶᠢᠨ 19  ᠤ ᠡᠳᠦᠷ᠂ ᠰᠢᠭᠤᠶᠢᠲᠤ ᠵᠡᠭᠡᠯᠢ ᠳᠡᠭᠡᠷ᠎ᠡ ᠳᠡᠭᠡᠳᠦ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠱᠠᠭᠠᠷᠳᠠᠯᠭ᠎ᠠ ᠶᠣᠰᠣᠭᠠᠷ ᠨᠠᠢᠮᠠᠳᠤᠭᠠᠷ ᠤᠳᠠᠭ᠎ᠠ ᠶᠢᠨ ᠵᠡᠮᠳᠡᠭᠴᠦᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠠᠢ᠃
C:\Users\Administrator\Desktop\1660899809820001381.png      
       ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠬᠧ ᠶᠢᠩ ᠬᠤᠷᠠᠯ ᠢ ᠡᠷᠬᠢᠯᠡᠭᠰᠡᠨ ᠪᠥᠭᠡᠳ ᠰᠢᠨ᠎ᠡ ᠨᠢᠭᠡ ᠬᠤᠭᠤᠴᠠᠭᠠᠨ ᠤ ᠵᠡᠮᠳᠡᠭᠴᠦᠳ ᠤᠨ ᠬᠤᠯᠪᠣᠭ᠎ᠠ ᠶᠢᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠬᠡᠷᠡᠭ ᠡᠷᠬᠢᠯᠡᠭᠴᠢᠳ ᠤᠨ ᠳᠠᠷᠤᠭ᠎ᠠ᠂ ᠭᠡᠰᠢᠭᠦᠨ ᠪᠣᠯᠣᠨ ᠲᠥᠯᠥᠭᠡᠯᠡᠭᠴᠢ ᠶᠢ ᠰᠣᠩᠭᠤᠭᠰᠠᠨ ᠦᠨᠳᠦᠰᠦᠨ ᠪᠠᠶᠢᠳᠠᠯ ᠤᠨ ᠲᠤᠬᠠᠢ ᠨᠠᠷᠢᠨ ᠲᠠᠨᠢᠯᠴᠠᠭᠤᠯᠭ᠎ᠠ ᠬᠢᠵᠦ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠬᠠᠰ ᠢ ᠴᠢᠬᠤᠯᠠ ᠶᠠᠷᠢᠶ᠎ᠠ ᠲᠠᠯᠪᠢᠵᠠᠢ᠃
C:\Users\Administrator\Desktop\1660899784328013290.png       ᠰᠣᠩᠭᠤᠭᠤᠯᠢ ᠶᠢᠨ ᠶᠡᠭᠡ ᠬᠤᠷᠠᠯ ᠳᠤ ᠵᠡᠮᠳᠡᠭᠴᠦᠳ᠂ ᠵᠡᠮᠳᠡᠭᠴᠦᠳ ᠤᠨ ᠲᠦᠷᠦᠯ ᠰᠠᠳᠤᠨ ᠨᠠᠶᠢᠵᠢ
ᠨᠥᠬᠦᠳ᠂ ᠵᠡᠮᠳᠡᠭᠴᠦᠳ ᠤᠨ ᠨᠡᠶᠢᠭᠡᠮᠯᠢᠭ ᠤᠨ ᠭᠡᠰᠢᠭᠦᠨ ᠪᠣᠯᠣᠨ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠶᠢᠨ ᠲᠥᠯᠥᠭᠡᠯᠡᠭᠴᠢ ᠣᠷᠣᠯᠴᠠᠵᠤ᠂ ᠲᠤᠬᠠᠢ ᠶᠢᠨ ᠲᠠᠯᠠᠪᠠᠢ ᠳᠤ ᠭᠠᠷ ᠡᠷᠭᠦᠨ ᠪᠠᠲᠤᠯᠠᠬᠤ ᠬᠡᠯᠪᠡᠷᠢ ᠪᠠᠷ ᠡᠷᠬᠡ ᠲᠡᠭᠰᠢ ᠲᠥᠪ ᠭᠤᠣᠯᠴᠢ ᠪᠠᠷ ᠰᠢᠨ᠎ᠡ ᠨᠢᠭᠡ ᠬᠤᠭᠤᠴᠠᠭᠠᠨ ᠤ ᠵᠡᠭᠡᠯᠢ ᠭᠤᠳᠤᠮᠵᠢ ᠶᠢᠨ ᠵᠡᠮᠳᠡᠭᠴᠦᠳ ᠤᠨ ᠨᠡᠶᠢᠭᠡᠮᠯᠢᠭ ᠤᠨ ᠲᠡᠷᠢᠭᠦᠯᠡᠭᠴᠢ 1 ᠬᠥᠮᠥᠨ᠂ ᠳᠡᠳ᠋ ᠲᠡᠷᠢᠭᠦᠯᠡᠭᠴᠢ 2 ᠬᠥᠮᠥᠨ᠂ ᠭᠡᠰᠢᠭᠦᠨ 2 ᠬᠥᠮᠥᠨ᠂ ᠬᠡᠷᠡᠭ ᠡᠷᠬᠢᠯᠡᠭᠴᠢᠳ ᠤᠨ ᠳᠠᠷᠤᠭ᠎ᠠ 1 ᠬᠥᠮᠥᠨ᠂ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠨᠠᠢᠮᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠤᠯᠴᠠᠬᠤ ᠲᠥᠯᠥᠭᠡᠯᠡᠭᠴᠢ 6 ᠬᠥᠮᠥᠨ ᠢ ᠰᠣᠩᠭᠤᠨ ᠭᠠᠷᠭᠠᠪᠠ᠃ᠬᠤᠭᠤᠴᠠᠭ᠎ᠠ ᠰᠣᠯᠢᠬᠤ ᠰᠣᠩᠭᠤᠭᠤᠯᠢ ᠨᠢ ᠰᠣᠩᠭᠤᠭᠤᠯᠢ ᠶᠢᠨ ᠵᠢᠷᠤᠮ ᠢ ᠴᠢᠩᠭ᠎ᠠ ᠵᠢᠷᠤᠮᠯᠠᠵᠤ᠂ ᠰᠣᠩᠭᠤᠭᠤᠯᠢ ᠨᠢ ᠦᠨᠡᠨ ᠪᠣᠳᠠᠲᠠᠢ ᠪᠥᠭᠡᠳ ᠪᠦᠲᠦᠮᠵᠢᠲᠡᠢ ᠪᠠᠶᠢᠵᠤ᠂ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠰᠢᠨ᠎ᠡ ᠪᠠᠷ ᠲᠤᠰᠢᠶᠠᠯ ᠳᠤ ᠭᠠᠷᠤᠭᠰᠠᠨ ᠰᠢᠭᠤᠶᠢᠲᠤ‌ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠸᠠᠩ ᠱᠢ ᠹᠥ᠋ᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃
C:\Users\Administrator\Desktop\1660899817007086820.png
 
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号